6 ᠰᠠᠷ᠎ᠠ ᠶᠢᠨ 13 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 100 ᠳ᠋ᠤᠭᠠᠷ ᠤᠳᠠᠭ᠎ᠠ ᠶᠢᠨ ᠬᠤᠷᠠᠯ ᠢ | ᠬᠤᠷᠠᠯᠳᠤᠭᠤᠯᠪᠡ᠃ ᠬᠤᠷᠡᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ | ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠪᠡ᠃ | ᠬᠤᠷᠠᠯ ᠠᠴᠠ᠂ ︽ᠨᠠᠮ ᠵᠠᠰᠠᠭ ᠤᠨ ᠪᠠᠶᠢᠭᠤᠯᠭ᠎ᠠ ᠨᠢᠭᠡᠴᠢ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ | ᠡᠰᠡᠷᠭᠦᠴᠡᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠴᠢᠩᠭᠠᠳᠬᠠᠵᠣ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠵᠠᠩᠭᠢᠯᠠᠭ᠎ᠠ ᠶᠢᠨ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠯᠪᠠᠨ ᠶᠠᠪᠤᠳᠠᠯ ᠤᠨ ᠬᠦᠯᠢᠶᠡᠨ ᠠᠪᠬᠤ ᠪᠠᠷᠢᠮᠵᠢᠶ᠎ᠠ ᠶᠢᠨ ᠱᠠᠭᠠᠷᠳᠡᠯᠭ᠎ᠠ ᠶᠢ ᠴᠢᠩᠭ᠎ᠠ ᠡᠵᠡᠮᠳᠡᠵᠦ᠂ ᠠᠷᠪᠢᠯᠠᠨ | ᠭᠠᠮᠨᠠᠬᠤ ᠬᠠᠮᠢᠶᠠᠷᠤᠯᠲᠠ ᠶᠢ ᠴᠢᠩᠭᠠᠳᠬᠠᠨ᠂ ᠬᠢᠵᠠᠭᠠᠷᠳᠡᠢ ᠡᠳ᠋ ᠤᠨ ᠬᠦᠴᠦᠨ ᠢ ᠦᠨᠡᠨ ᠬᠦ ᠠᠵᠤ ᠠᠬᠤᠢ ᠶᠢᠨ | ᠬᠥᠭᠵᠢᠯᠲᠡ ᠳᠡᠭᠡᠷ᠎ᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠡᠭᠡᠷ᠎ᠡ ᠬᠡᠷᠡᠭᠯᠡᠬᠦ ᠬᠡᠷᠡᠭᠲᠡᠢ᠃ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠲᠥᠪ ᠤᠨ ᠵᠠᠷᠯᠠᠨ ᠮᠡᠳᠡᠭᠳᠡᠭᠰᠡᠨ ᠨᠡᠶᠢᠲᠡᠯᠢᠭ ᠭᠡᠷᠡᠭ ᠲᠠᠢ ᠬᠠᠷᠢᠴᠠᠭᠤᠯᠵᠤ᠂ ᠠᠵᠢᠯ ᠢᠶᠠᠨ | ᠲᠡᠭᠦᠯᠳᠡᠷᠵᠢᠭᠦᠯᠣᠨ ᠳᠠᠷᠤᠭᠠᠰᠤ ᠶᠢ ᠬᠥᠩᠭᠡᠷᠡᠭᠦᠯᠬᠦ ᠪᠠ ᠠᠵᠢᠯ ᠢ ᠬᠦᠨᠵᠡᠭᠡᠶᠢᠷᠡᠬᠦᠯᠬᠦ ᠶᠢ ᠴᠢᠨᠠᠭᠰᠢᠳᠠ ᠠᠬᠢᠭᠤᠯᠬᠤ | ᠬᠡᠷᠡᠭᠲᠡᠢ᠃ ᠥᠷᠭᠡᠨ ᠤᠯᠠᠨ ᠠᠵᠤ ᠠᠬᠤᠶᠢᠯᠠᠯ ᠪᠣᠯᠤᠨ ᠤᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷ ᠤᠨ ᠢᠶᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠵᠡᠷᠭᠡᠪᠡᠷ ᠥᠷᠨᠢᠭᠦᠯᠵᠦ᠂ ︽ᠨᠢᠭᠤᠷ ᠲᠠᠯ᠎ᠠ ᠶᠢᠨ ᠢᠨᠵᠧᠨᠧᠷᠢᠩ︾᠂ ︽ | ᠲᠦᠷᠢ ᠲᠥᠷᠬᠦ ᠶᠢᠨ ᠢᠨᠵᠧᠨᠧᠷᠢᠩ︾ ᠢ ᠡᠷᠡᠰ ᠬᠤᠷᠢᠭᠯᠠᠬᠤ ᠬᠡᠷᠡᠭᠲᠡᠢ ᠭᠡᠵᠣ ᠴᠢᠬᠤᠯᠠᠴᠢᠯᠡᠪᠡ᠃ | ᠬᠤᠷᠠᠯ ᠳᠤ᠂ ᠪᠦᠬᠦ ᠬᠤᠳᠠ ᠪᠠᠷ ᠢᠶᠠᠨ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠲᠠᠪᠣᠨ ᠨᠢᠭᠡᠳᠦᠭᠡᠷ︾ ᠠᠵᠢᠯ ᠤᠨ | ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠣᠨ᠂ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ | ᠵᠢᠷᠭᠤᠭᠠᠨ ᠠᠵᠢᠯᠯᠠᠭ᠎ᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠢᠭᠤᠯᠴᠢᠯᠠᠯ ᠤᠨ ᠬᠥᠭᠵᠢᠯᠲᠡ᠂ ᠠᠷᠠᠯᠵᠢᠶᠠᠴᠢᠨ | ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ | ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠷᠤᠭᠰᠢᠯᠠᠨ ᠲᠠᠪᠰᠢᠬᠤ ᠤᠬᠠᠮᠰᠠᠷ ᠢᠶᠠᠨ | ᠤᠯᠠᠮ ᠨᠢᠭᠡ ᠠᠯᠬᠤᠮ ᠴᠢᠩᠭᠠᠳᠬᠠᠨ᠂ ᠭᠤᠣᠯ ᠬᠠᠷᠢᠭᠤᠴᠠᠯᠭ᠎ᠠ ᠭᠤᠣᠯ ᠠᠵᠢᠯ ᠢ ᠪᠣᠳᠠᠲᠠᠢ ᠴᠢᠩᠭᠠᠳᠬᠠᠵᠣ᠂ ᠤᠯᠠᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠡᠯ᠎ᠡ ᠠᠵᠤ ᠠᠬᠤᠢ ᠶᠢ ᠲᠣᠭᠲᠠᠭᠤᠨ ᠤ ᠳᠤᠮᠳᠠ ᠣᠷᠣᠬᠰᠢᠯᠡᠨ | ᠲᠠᠪᠰᠢᠬᠤ ᠶᠢ ᠠᠬᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠮᠣᠨ᠎ᠠ ᠬᠠᠭᠠᠰ ᠵᠢᠯ ᠤᠨ ᠠᠵᠢᠯ ᠤᠨ | ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠣ ᠱᠠᠭᠠᠷᠳᠡᠵᠡᠢ᠃ | ᠬᠤᠷᠠᠯ ᠠᠴᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂ ︽ᠨᠢᠭᠡ ᠪᠠᠯᠭᠠᠰᠤ ᠨᠢᠭᠡ ᠵᠡᠭᠡᠯᠢ ᠨᠢᠭᠡ ᠪᠣᠳᠠᠲᠤ ᠶᠠᠪᠤᠳᠠᠯ︾ ᠤᠨ ᠠᠵᠢᠯ ᠤᠨ | ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ᠦᠷ᠎ᠡ ᠪᠦᠲᠦᠮᠵᠢ ᠶᠢ | ᠮᠥᠷᠳᠡᠨ ᠠᠰᠠᠭᠤᠬᠤ ᠲᠣᠬᠳᠡᠴᠠ ᠶᠢ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠡᠯ᠎ᠠ | ᠶᠠᠪᠣᠴᠠ ᠳᠠᠬᠢ ᠠᠵᠢᠯᠯᠠᠭ᠎ᠠ ᠶᠢ ᠪᠥᠬᠦ ᠲᠠᠯ᠎ᠠ ᠪᠠᠷ ᠳ᠋ᠦᠩᠨᠡᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠨᠢᠭᠡ ᠪᠠᠯᠭᠠᠰᠤ ᠨᠢᠭᠡ ᠵᠡᠭᠡᠯᠢ ᠨᠢᠭᠡ | ᠪᠣᠳᠠᠲᠤ ᠶᠠᠪᠤᠳᠠᠯ︾ ᠤᠨ ᠠᠵᠢᠯ ᠢ ᠰᠠᠶᠢᠲᠤᠷ ᠬᠢᠵᠣ᠂ ᠠᠬᠢᠴᠠ ᠪᠠᠨ ᠲᠦᠷᠭᠡᠳᠬᠡᠨ ᠶᠠᠰᠤ ᠴᠢᠨᠠᠷ ᠢ ᠪᠠᠲᠤᠯᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠡᠷᠲᠡᠬᠡᠨ ᠪᠡᠶᠡᠯᠡᠭᠦᠯᠵᠦ᠂ ᠡᠷᠲᠡᠬᠡᠨ | ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠪᠣᠳᠠᠲᠠᠢ ᠶᠠᠪᠤᠳᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ | ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠷᠠᠰᠢᠶᠠᠨ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠪᠦᠷᠢᠯᠳᠦᠬᠦᠨ ᠤ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠵᠢᠴᠢ | 2025 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ | ᠰᠤᠳᠤᠯᠤᠨ ᠬᠢᠨᠠᠨ ᠵᠥᠪᠯᠡᠵᠦ᠂ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ | ᠭᠦᠢᠴᠡᠳᠬᠡᠨ᠂ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠤᠨ | ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠴᠤ | ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠪᠣᠳᠠᠲᠠᠶᠢᠵᠢᠭᠤᠯᠣᠨ᠂ ᠭᠤᠣᠯᠳᠠᠯᠭ᠎ᠠ ᠲᠠᠢ ᠬᠦᠷᠢᠶᠡᠨ ᠤ | ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ | ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠵᠡᠢ᠃ |