ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
    6 ᠰᠠᠷ᠎ᠠ ᠶᠢᠨ 13 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠡᠯ ᠲᠡᠭᠡᠷ᠎ᠡ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠭᠦᠨᠵᠡᠭᠡᠶ ᠥᠷᠨᠢᠭᠦᠯᠦᠭᠰᠡᠨ ᠪᠥᠭᠡᠳ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠲᠥᠪᠯᠡᠷᠡᠭᠦᠯᠦᠨ ᠴᠡᠭᠴᠡᠯᠡᠬᠦ︾᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠤᠳᠤᠷᠢᠳᠤᠯᠭ᠎ᠠ ᠰᠦᠨ ᠪᠠᠢ ᠴᠤᠸᠠᠨ᠂ ᠶᠠᠩ ᠪᠤᠤ ᠲᠢᠶᠠᠨ᠂ ᠵᠢᠶᠤᠤ ᠳ᠋ᠠ ᠠᠨ᠂ ᠶᠠᠨ ᠮᠤᠤ ᠯᠢᠨ᠂ ᠯᠦ ᠴᠢ ᠭᠦᠸᠧ᠂  ᠭᠥᠸᠧ ᠴᠢᠩ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠦᠭᠡ ᠶᠠᠷᠢᠪᠡ᠃    ᠬᠤᠷᠠᠯ ᠠᠴᠠ᠂ ᠥᠪᠡᠷ ᠤᠨ ᠠᠰᠠᠭᠤᠳᠠᠯ ᠢᠶᠠᠨ ᠳᠠᠬᠢᠨ ᠵᠠᠳᠠᠯᠤᠨ ᠰᠢᠨᠵᠢᠯᠡᠵᠦ᠂ ᠳᠠᠬᠢᠨ ᠰᠢᠨᠡᠳᠬᠡᠵᠦ᠂ ᠪᠣᠳᠠᠲᠠᠢ ᠦᠷ᠎ᠡ ᠪᠦᠳᠣᠮᠵᠢ ᠭᠠᠷᠭᠠᠬᠤ ᠮᠥᠷᠲᠡᠭᠡᠨ ᠪᠠᠰᠠ ᠠᠰᠠᠭᠤᠳᠠᠯ ᠤᠨ ᠦᠨᠳᠦᠰᠦ ᠰᠤᠷᠪᠤᠯᠵᠢ ᠶᠢ ᠢᠯᠡᠷᠡᠭᠦᠯᠵᠦ᠂ ᠠᠷᠭ᠎ᠠ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ 7 ᠲᠠᠯ᠎ᠠ ᠶᠢᠨ ᠭᠤᠤᠯᠳᠠᠯᠭᠠᠳᠣ ᠡᠭᠦᠷᠭᠡ ᠶᠢᠨ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠡᠬᠢ ᠰᠣᠷᠪᠣᠯᠵᠢ ᠶᠢ ᠪᠥᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ᠂ ᠲᠤᠰᠬᠠᠶ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠨ ᠰᠤᠭᠤᠴᠢᠨ ᠪᠠᠶᠢᠴᠠᠭᠠᠬᠤ ᠶᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠱᠠᠭᠠᠷᠳᠡᠯᠭ᠎ᠠ ᠪᠠᠷ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠲᠦᠷᠭᠡᠨ ᠰᠢᠢᠳᠪᠦᠷᠢᠯᠡᠵᠦ᠂ ᠥᠴᠦᠬᠡᠨ ᠴᠦ ᠠᠭᠤᠴᠢᠯᠠᠬᠤ ᠥᠬᠡᠶ᠂  ᠬᠦᠴᠦᠷᠬᠡᠭ ᠶᠡᠭᠡ ᠰᠦᠷᠳᠡᠭᠦᠯᠦᠯ ᠦᠵᠡᠬᠦᠯᠬᠦ ᠬᠡᠷᠡᠭᠲᠡᠶ᠃ ᠪᠣᠳᠠᠲᠠᠶ ᠳᠤ ᠰᠠᠶᠢᠵᠢᠷᠠᠭᠤᠯᠵᠤ᠂ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠪᠠᠶᠢᠴᠠᠭᠠᠨ ᠢᠯᠡᠷᠡᠬᠦᠯᠥᠭᠰᠠᠨ ᠠᠰᠠᠭᠤᠳᠠᠯ ᠢ ᠲᠠᠷᠣᠶᠢᠬᠠᠨ ᠬᠡᠷᠡᠭᠵᠢᠭᠦᠯᠵᠦ ᠲᠠᠷᠣᠶᠢᠬᠠᠨ ᠥᠭᠡᠷᠡᠴᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠡᠭᠦᠳᠡ ᠪᠠᠨ ᠨᠡᠭᠡᠭᠡᠬᠦ ᠰᠤᠷᠭᠠᠨ ᠬᠥᠮᠦᠵᠢᠯ ᠢ ᠪᠠᠷᠢᠮᠲᠠᠯᠠᠨ᠂ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠦᠩᠭᠡᠨ ᠲᠠᠯ᠎ᠠ ᠠᠴᠠ ᠵᠠᠰᠠᠬᠤ ᠶᠢ ᠦᠨᠳᠦᠰᠣ ᠠᠴᠠ ᠨᠢ ᠵᠠᠰᠠᠬᠤ ᠬᠤᠪᠢᠷᠠᠯᠲᠠ ᠶᠢ ᠪᠡᠶᠡᠯᠡᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠵᠤ᠂ ᠪᠦᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠣ ᠴᠢᠬᠤᠯᠠᠴᠢᠯᠠᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号