ᠡᠷᠬᠢᠮᠲᠤ ᠭᠤᠣᠯᠳᠠᠯᠭ᠎ᠠ ᠲᠠᠢ ᠲᠦᠷᠦᠯ ᠵᠦᠢᠯ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
    6 ᠰᠠᠷ᠎ᠠ ᠶᠢᠨ 13 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠤ  ᠭᠤᠣᠯᠳᠠᠯᠭ᠎ᠠ ᠲᠠᠢ ᠲᠦᠷᠦᠯ ᠵᠦᠢᠯ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠡᠯ ᠲᠡᠭᠡᠷ᠎ᠡ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠬᠦ ᠶᠢ ᠲᠤᠰᠬᠠᠶ ᠰᠡᠳᠦᠪ ᠢᠶᠠᠷ ᠰᠤᠳᠤᠯᠤᠨ ᠠᠬᠢᠭᠤᠯᠪᠠ᠃ ᠬᠤᠲᠠ ᠶᠢᠨ ᠤᠳᠤᠷᠢᠳᠤᠯᠭ᠎ᠠ ᠯᠢ ᠫᠧᠩ ᠵᠢᠴᠢ ᠬᠤᠲᠠ ᠶᠢᠨ ᠣᠶ ᠰᠢᠭᠤᠶ ᠪᠡ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠬᠤᠷᠡᠯ ᠳᠤ ᠣᠷᠣᠯᠴᠠᠵᠠᠶ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠡᠷᠡᠭᠵᠢᠭᠦᠯᠬᠦ ᠭᠤᠣᠯ ᠴᠣᠭᠴᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠨᠡᠪᠲᠡᠷᠡᠯᠴᠡᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠵᠦ᠂ ᠬᠤᠭᠤᠷᠣᠨᠳᠣ ᠪᠠᠨ ᠬᠠᠷᠢᠯᠴᠠᠨ ᠲᠦᠯᠬᠢᠯᠴᠡᠬᠦ᠂ ᠬᠤᠶᠢᠷᠭᠤᠰᠢᠬᠤ ᠦᠵᠡᠭᠳᠡᠯ ᠢ ᠲᠡᠪᠴᠢᠵᠦ᠂ ᠬᠤᠶᠢᠰᠢᠳᠠ ᠶᠢᠨ ᠪᠦᠳᠦᠭᠡᠨ ᠪᠠᠶᠢᠭᠤᠯᠤᠯᠲᠠ ᠳᠤ ᠡᠷᠬᠢᠮ ᠨᠠᠨᠳᠢᠨ ᠴᠠᠭ ᠬᠤᠭᠤᠴᠠᠭ᠎ᠠ ᠶᠢ ᠰᠠᠶᠢᠳᠣᠷ ᠠᠰᠢᠬᠯᠠᠬᠤ ᠬᠡᠷᠡᠭᠲᠡᠢ᠃ ᠬᠤᠶᠠᠷ ᠲᠤ᠂ ᠡᠯ᠎ᠡ ᠲᠦᠷᠦᠯ ᠤᠨ ᠡᠬᠢ ᠪᠠᠶᠠᠯᠢᠭ ᠢ ᠨᠠᠶᠢᠯᠠᠬᠦᠯᠵᠣ᠂ ᠲᠦᠷᠦᠯ ᠵᠦᠢᠯ ᠤᠨ ᠲᠥᠯᠥᠪᠵᠢᠭᠦᠯᠭᠡ ᠪᠣᠯᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ᠂ ᠷᠠᠰᠢᠶᠠᠨ ᠤ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠭᠠᠵᠠᠷ ᠵᠦᠢ ᠶᠢᠨ ᠵᠠᠮ ᠬᠠᠷᠢᠯᠴᠠᠭᠠᠨ ᠤ ᠨᠥᠬᠦᠴᠡᠯ ᠢ ᠭᠦᠢᠴᠡᠳ ᠪᠣᠳᠣᠯᠬᠢᠯᠠᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠲᠤᠬᠢᠷᠠᠭᠤᠯᠬᠤ ᠪᠠ ᠵᠦᠢ ᠵᠣᠬᠢᠰᠲᠠᠢ ᠠᠰᠢᠭᠯᠠᠬᠤ ᠶᠢ ᠪᠡᠶᠡᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠤᠳᠠ ᠶᠢᠨ ᠬᠥᠭᠵᠢᠯᠲᠡ ᠲᠠᠢ ᠬᠠᠷᠢᠯᠴᠠᠨ  ᠬᠤᠯᠪᠣᠭᠠᠯᠠᠬᠤ ᠬᠡᠷᠡᠭᠲᠡᠢ᠃ ᠭᠤᠷᠪᠠ ᠳᠤ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠴᠠᠰᠤᠨ ᠳᠤ ᠭᠤᠯᠭᠤᠬᠤ ᠲᠠᠯᠠᠪᠠᠢ ᠶᠢᠨ ᠲᠦᠷᠦᠯ ᠵᠦᠢᠯ ᠤᠨ ᠠᠰᠢᠭᠲᠠᠢ ᠠᠵᠠ ᠲᠣᠬᠢᠶᠠᠯ ᠢ ᠴᠢᠩᠭᠠᠳᠬᠠᠵᠣ᠂ ᠵᠢᠭᠤᠯᠴᠢᠯᠠᠯ ᠪᠣᠯᠤᠨ ᠵᠠᠮ ᠬᠠᠷᠢᠯᠴᠠᠭ᠎ᠠ᠂ ᠪᠡᠶ᠎ᠡ ᠶᠢᠨ ᠲᠠᠮᠢᠷ ᠵᠡᠷᠭᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠣᠨ᠂ ᠡᠷᠬᠢᠨ ᠲᠣᠭᠤᠷᠢᠨ ᠤ ᠢᠵᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠬᠦᠢᠰᠦ᠂ ᠰᠡᠯᠡᠭᠦᠴᠡᠯ ᠠᠮᠠᠷᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠤᠯᠠᠨ ᠴᠢᠳᠠᠮᠵᠢ ᠶᠢ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠦᠷᠢᠰᠦᠯᠳᠦᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠡᠴᠢᠯᠡᠪᠡ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号