ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
    6 ᠰᠠᠷ᠎ᠠ ᠶᠢᠨ 13 ᠤ ᠡᠳᠦᠷ᠂ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠲᠣᠭᠤᠷᠢᠨ ᠳᠤ ᠷᠠᠰᠢᠶᠠᠨ ᠤ ᠪᠣᠳᠠᠲᠤ ᠪᠠᠶᠢᠳᠠᠯ ᠪᠣᠯᠤᠨ ᠬᠤᠪᠢᠳᠡᠨ ᠬᠠᠮᠢᠶᠠᠷᠬᠤ ᠠᠵᠢᠯ ᠲᠠᠢ ᠤᠶᠠᠯᠳᠤᠭᠤᠯᠵᠤ᠂ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠦᠷᠢᠮ︾ ᠤᠨ ᠣᠯᠤᠯᠲᠠ ᠲᠥᠷᠥᠭᠳᠡᠯ ᠪᠣᠯᠣᠨ ᠾᠧᠪᠸᠢ ᠮᠤᠵᠢ ᠶᠢᠨ ᠰᠠᠨ ᠾᠧ ᠬᠤᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠤᠣᠷ ᠬᠥᠨᠥᠭᠡᠯ ᠢ ᠭᠦᠨᠵᠡᠭᠡᠢ ᠵᠠᠳᠠᠯᠵᠠᠢ᠃ ᠰᠤᠳᠤᠯᠤᠨ ᠶᠠᠷᠢᠯᠴᠠᠬᠤ ᠶᠠᠪᠣᠴᠨ ᠳᠤ᠂ ᠭᠤᠤᠯ ᠳᠤᠭᠤᠶᠢᠯᠠᠩ ᠤᠨ ᠪᠦᠷᠢᠯᠳᠦᠬᠦᠨ ᠨᠠᠷ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠪᠢᠴᠢᠭ ᠮᠠᠲ᠋ᠧᠷᠢᠶᠠᠯ ᠬᠤᠷᠠᠯ ᠴᠤᠭᠯᠠᠭᠠᠨ︾ ᠵᠡᠷᠭᠡ ᠠᠷᠬᠠᠭ ᠭᠡᠮ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠴᠢᠭ ᠮᠠᠲ᠋ᠧᠷᠢᠶᠠᠯ ᠬᠤᠷᠠᠯ ᠤᠨ ᠬᠢᠨᠠᠨ ᠵᠥᠪᠰᠢᠶᠡᠷᠡᠯ ᠢ ᠴᠢᠩᠳᠠᠯᠠᠵᠤ᠂ ︽ᠣᠯᠠᠨ ᠬᠤᠷᠠᠯ ᠢ ᠨᠢᠭᠡ ᠪᠣᠯᠭᠠᠬᠤ︾ ᠪᠠ ᠴᠠᠭᠠᠰᠤ ᠦᠭᠡᠢ ᠪᠠᠷ ᠠᠯᠪᠠᠯᠠᠬᠤ ᠶᠢ ᠬᠡᠷᠡᠭᠵᠢᠭᠦᠯᠵᠦ᠂ ᠪᠣᠳᠠᠲᠤ ᠠᠮᠵᠢᠯᠲᠠ ᠪᠠᠷ ᠤᠳᠤᠷᠢᠳᠤᠮᠵᠢ ᠪᠣᠯᠭᠠᠵᠤ ᠬᠢᠨᠠᠨ ᠰᠢᠯᠭᠠᠬᠤ ᠰᠢᠰᠲ᠋ᠧᠮ ᠢ ᠪᠠᠶᠢᠭᠤᠯᠵᠣ᠂ ᠠᠯᠪᠠᠨ ᠶᠠᠪᠤᠳᠠᠯ ᠤᠨ ᠵᠣᠴᠢᠯᠠᠭ᠎ᠠ᠂ ᠠᠯᠪᠠᠨ ᠠᠵᠢᠯ ᠤᠨ ᠵᠠᠷᠤᠳᠠᠯ ᠤᠨ ᠬᠡᠷᠡᠭᠯᠡᠯᠲᠡ ᠶᠢ ᠴᠢᠩᠭ᠎ᠠ ᠠᠩᠬᠠᠷᠴᠤ᠂ ᠵᠠᠷᠤᠯᠭ᠎ᠠ ᠶᠢ ᠴᠢᠩᠭ᠎ᠠ ᠡᠵᠡᠮᠳᠡᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠡᠬᠦᠰᠬᠦ ᠶᠢ ᠡᠷᠡᠰ ᠬᠤᠷᠢᠭᠯᠠᠵᠣ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠡᠵᠡᠮᠳᠡᠬᠦ ᠭᠡᠷᠡᠭᠳᠡᠢ ᠭᠡᠵᠣ ᠰᠠᠨᠠᠭᠤᠯᠭ᠎ᠠ ᠲᠣᠷᠡᠳᠴᠠᠢ᠃    ᠬᠤᠷᠠᠯ ᠠᠴᠠ᠂ ᠤᠳᠤᠷᠢᠳᠬᠤ ᠪᠠᠭ ᠤᠨ ᠪᠦᠷᠢᠯᠳᠦᠬᠦᠨ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠠᠳᠠᠷᠠᠭᠤᠯᠵᠤ᠂ ᠪᠢᠴᠢᠭ ᠮᠠᠲ᠋ᠧᠷᠢᠶᠠᠯ ᠤᠨ ᠦᠯᠡᠭᠦᠳᠡᠯ᠂ ᠬᠤᠷᠠᠯ ᠪᠤᠳᠤᠯᠢᠶᠠᠨᠲᠠᠶ ᠵᠡᠷᠭᠡ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠲᠣᠪᠤᠶᠢᠮ᠎ᠠ ᠠᠰᠠᠭᠤᠳᠠᠯ ᠢ ᠪᠠᠶᠢᠴᠠᠭᠠᠨ ᠢᠯᠠᠷᠡᠬᠦᠯᠵᠣ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠳᠤ ᠠᠭᠤᠰᠤᠯᠴᠠᠭᠤᠯᠣᠨ᠂ ︽ᠪᠢᠴᠢᠭ ᠮᠠᠲ᠋ᠧᠷᠢᠶᠠᠯ ᠬᠤᠷᠠᠯ ᠴᠤᠬᠯᠠᠭᠠᠨ︾ ᠵᠡᠷᠭᠡ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠴᠢᠩᠭ᠎ᠠ ᠠᠩᠬᠠᠷᠴᠤ᠂ ᠡᠷᠲᠡ ᠠᠴᠠ ᠢᠯᠡᠷᠡᠬᠦᠯᠣᠨ ᠪᠠᠭ᠎ᠠ ᠳᠤᠨᠢ ᠴᠢᠩᠭᠠᠳᠬᠠᠵᠣ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠶ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠬᠥᠳᠡᠯᠦᠩᠭᠦᠶ ᠪᠠᠷ ᠰᠢᠯᠢᠳᠡᠭᠵᠢᠭᠦᠯᠣᠨ᠂ ᠴᠣᠮᠬᠠᠳᠬᠠᠨ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号