ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠠᠯᠪᠠᠨ ᠭᠡᠷ ᠨᠠᠮ ᠤᠨ ᠡᠭᠦᠷ ᠤᠨ ᠶᠡᠭᠡ ᠬᠤᠷᠠᠯ ᠵᠢᠴᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
    6 ᠰᠠᠷ᠎ᠠ ᠶᠢᠨ 13 ᠤ ᠡᠳᠦᠷ᠂ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠨᠠᠮ ᠤᠨ ᠡᠭᠦᠷ ᠤᠨ ᠶᠡᠭᠡ ᠬᠤᠷᠠᠯ ᠵᠢᠴᠢ  ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠱᠦᠵᠢ ᠭᠦᠸᠧ ᠶᠢᠩ ᠴᠢ ᠨᠥᠬᠦᠷ ᠬᠤᠷᠠᠯ ᠢ ᠡᠷᠬᠢᠯᠡᠵᠦ᠂ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃    ᠰᠤᠷᠤᠯᠴᠠᠵᠤ ᠰᠤᠳᠤᠯᠤᠨ ᠶᠠᠷᠢᠯᠴᠠᠬᠤ ᠶᠠᠪᠣᠴᠠ ᠳᠤ᠂ ᠣᠯᠠᠨ ᠨᠠᠮ ᠤᠨ ᠭᠡᠰᠢᠭᠦᠨ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠣ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠰᠠᠨ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ 2 ᠨᠡᠶᠢᠲᠡᠯᠢᠭ ᠠᠰᠠᠭᠤᠳᠠᠯ ᠳᠤ ᠴᠢᠭᠯᠡᠭᠦᠯᠦᠨ᠂ ᠣᠯᠠᠨ ᠢᠶᠠᠷ ᠢᠶᠠᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠤᠨ ᠤᠯᠤᠰ ᠲᠥᠷᠥ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠮᠠᠭᠤ ᠬᠡᠪ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠴᠠᠭᠠᠵᠠᠯᠠᠵᠣ᠂ ᠬᠠᠮᠢᠶ᠎ᠠ ᠪᠦᠬᠦᠢ ᠳᠦᠷᠢᠮ ᠢ ᠴᠢᠩᠭ᠎ᠠ ᠵᠢᠷᠤᠮᠯᠠᠨ᠂ ᠥᠪᠡᠷ ᠤᠨ ᠪᠡᠶ᠎ᠡ ᠠᠴᠠ ᠪᠠᠨ ᠡᠬᠢᠯᠡᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠳᠡᠷᠭᠡᠳᠡᠬᠢ ᠬᠠᠮᠲᠤ ᠠᠵᠢᠯᠯᠠᠭᠰᠠᠳ ᠢ ᠰᠠᠨᠠᠭᠠᠴᠢᠯᠠᠭ᠎ᠠ ᠠᠴᠠ ᠪᠠᠨ ᠰᠠᠨᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ  ᠣᠷᠴᠢᠨ ᠠᠬᠤᠢ ᠶᠢ ᠬᠠᠮᠲᠤᠪᠠᠷ ᠪᠤᠢ ᠪᠣᠯᠭᠠᠨ᠎ᠠ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃    ᠬᠤᠷᠠᠯ ᠠᠴᠠ᠂ ᠨᠢᠭᠡ ᠳᠤ᠂ ︽ᠤᠯᠤᠰ ᠲᠦᠷᠦ ᠶᠢᠨ ᠰᠡᠷᠭᠡᠭ ᠴᠢᠨᠠᠷ︾ ᠢᠶᠠᠷ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠭᠡᠷᠡᠭᠳᠡᠢ᠃ ᠪᠥᠬᠦ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠨᠠᠮ ᠤᠨ ᠰᠤᠷᠲᠠᠯ ᠵᠠᠰᠠᠭ ᠤᠨ ᠰᠤᠷᠲᠠᠯ᠂ ᠤᠯᠤᠰ ᠲᠥᠷᠥ ᠶᠢᠨ ᠠᠮᠢ ᠠᠬᠤᠶ ᠳᠤ ᠦᠵᠡᠭᠦᠯᠬᠦ ᠬᠦᠨᠳᠦ ᠨᠣᠴᠢᠲᠠᠶ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠦᠢᠯᠡ ᠠᠵᠢᠯᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠬᠤᠶᠠᠷ ᠲᠤ᠂ ︽ᠲᠡᠮᠦᠷ ᠮᠡᠲᠦ  ᠰᠠᠬᠢᠯᠭ᠎ᠠ ᠪᠠᠲᠤ︾ ᠪᠠᠷ ᠲᠦᠷᠢᠮ ᠢ ᠴᠢᠩᠭᠠᠳᠬᠠᠬᠤ ᠭᠡᠷᠡᠭᠳᠡᠢ᠃ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠤᠨ᠂ ᠲᠦᠷᠢᠮ ᠤᠨ ᠲᠠᠯ᠎ᠠ ᠠᠴᠠ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠭᠡᠷᠡᠭᠳᠡᠢ᠃ ᠭᠤᠷᠪᠠ ᠳᠤ᠂ ︽ᠴᠢᠩᠭ᠎ᠠ ᠦᠨᠳᠦᠰᠦᠨ ᠠᠶᠠᠰ︾ ᠢᠶᠠᠷ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠣᠳᠣᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠪᠣᠳᠠᠲᠠᠶᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠰᠠᠨᠠᠭᠤᠯᠤᠨ᠂ ᠡᠷᠲᠡ ᠵᠠᠯᠠᠷᠠᠭᠤᠯᠵᠤ᠂ ᠴᠡᠭᠴᠡᠯᠡᠨ ᠵᠠᠰᠠᠬᠤ ᠠᠵᠢᠯ ᠳᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠣ ᠴᠢᠬᠤᠯᠠᠴᠢᠯᠡᠪᠡ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号