6 ᠰᠠᠷ᠎ᠠ ᠶᠢᠨ 12 ᠤᠨ ᠡᠳᠦᠷ᠂ ᠷᠠᠰᠢᠶᠠᠨ ᠬᠤᠲᠠ ᠪᠥᠬᠦ ᠬᠤᠲᠠ ᠶᠢᠨ ᠤᠳᠤᠷᠢᠳᠬᠤ ᠺᠠᠳ᠋ᠷᠴᠣᠳ ᠤᠨ | ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠠᠰᠠᠭᠤᠳᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠬᠤᠷᠠᠯ ᠪᠣᠯᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ᠂ ᠬᠤᠲᠠ ᠬᠤᠶᠠᠷ ᠱᠠᠲᠤᠨ ᠤ ᠰᠤᠷᠤᠯᠴᠠᠯᠭ᠎ᠠ | ᠬᠥᠮᠦᠵᠢᠯ ᠤᠨ ᠱᠠᠯᠠᠪᠳᠡᠭᠤᠯᠣᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠵᠠᠷᠯᠠᠨ | ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ | ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠬᠤᠷᠠᠯ ᠠᠴᠠ᠂ ᠲᠦᠷᠢᠮ ᠤᠨ ︽ᠰᠢᠩᠭᠡᠯᠢᠭ︾ ᠢ ᠴᠢᠩᠭ᠎ᠠ ᠰᠦᠯᠵᠢᠵᠦ᠂ ︽ᠣᠳᠣᠬᠠᠨ ᠳᠤ ᠥᠭᠡᠷᠡᠴᠢᠯᠡᠬᠦ︾ | ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠰᠤᠷᠲᠠᠯ ᠪᠠ ᠢᠯᠵᠠᠷᠠᠯ ᠢ ᠬᠠᠮᠲᠤ ᠪᠠᠷ | ᠪᠠᠶᠢᠴᠠᠭᠠᠵᠤ ᠵᠡᠷᠭᠡᠪᠡᠷ ᠵᠠᠰᠠᠬᠤ᠂ ᠰᠤᠷᠲᠠᠯ ᠢ ᠵᠠᠯᠠᠷᠠᠭᠤᠯᠵᠤ ᠢᠯᠵᠠᠷᠠᠯ ᠢ ᠡᠰᠡᠷᠭᠦᠴᠡᠬᠦ ᠵᠡᠷᠭᠡ ᠲᠦᠷᠢᠮ ᠲᠣᠭᠲᠠᠴᠠ ᠶᠢ | ᠪᠦᠷᠢᠨᠰᠢᠬᠦᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠡᠷᠡᠰ ᠬᠤᠷᠢᠭᠯᠠᠵᠤ᠂ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠵᠡᠷᠭᠡ ᠠᠰᠠᠭᠤᠳᠠᠯ ᠢ ᠨᠢᠭᠡ ᠴᠤᠭᠴᠠᠵᠢᠭᠤᠯᠤᠨ ᠰᠡᠷᠭᠡᠶᠢᠯᠡᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ | ᠲᠦᠷᠢᠮ ᠤᠨ ᠰᠢᠩᠭᠡᠯᠢᠭ ᠢ ᠤᠯᠠᠮ ᠨᠢᠭᠡ ᠠᠯᠬᠤᠮ ᠴᠢᠩᠭᠠᠯᠠᠵᠣ᠂ ᠤᠯᠠᠮ ᠪᠠᠲᠤ ᠰᠦᠯᠵᠢᠬᠦ ᠬᠡᠷᠡᠭᠲᠡᠶ᠃ ︽ | ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠡᠷᠭᠡᠪᠡᠷ ᠠᠳᠬᠤᠨ | ᠬᠠᠮᠲᠤᠪᠠᠷ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠪᠣᠯᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠦᠨᠡᠨ ᠬᠦ ᠪᠦᠷᠢᠯᠳᠦᠭᠦᠯᠬᠦ ᠬᠡᠷᠡᠭᠲᠡᠢ᠃ ᠠᠵᠢᠯ ᠤᠨ ᠲᠠᠯ᠎ᠠ ᠪᠠᠷ ᠳᠠᠷᠤᠯᠲᠠ ᠪᠠ ᠬᠦᠴᠦ ᠨᠡᠮᠡᠵᠦ᠂ ᠡᠭᠦᠳᠡ ᠪᠠᠨ | ᠨᠡᠭᠡᠭᠡᠬᠦ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠶᠠᠰᠤ ᠴᠢᠨᠠᠷ ᠢ | ᠴᠢᠨᠠᠭᠰᠢᠳᠠ ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠣᠨ᠂ ᠰᠠᠶᠢᠵᠢᠷᠠᠭᠤᠯᠬᠤ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠦᠬᠦ | ᠬᠤᠳᠠ ᠶᠢᠨ ᠴᠢᠨᠠᠷ ᠰᠠᠶᠢᠲᠠᠢ ᠬᠥᠭᠵᠢᠯᠲᠡ᠂ ᠥᠨᠳᠥᠷ ᠪᠦᠲᠦᠮᠵᠢᠲᠡᠢ ᠵᠠᠰᠠᠯᠲᠠ ᠶᠢᠨ ᠰᠢᠨ᠎ᠡ ᠪᠠᠶᠢᠳᠠᠯ ᠢ ᠡᠭᠦᠳᠬᠦ | ᠬᠡᠷᠡᠭᠲᠡᠢ ᠭᠡᠵᠣ ᠴᠢᠬᠤᠯᠠᠴᠢᠯᠠᠵᠡᠢ᠃ | ᠷᠡᠰᠢᠶᠠᠨ ᠬᠤᠳᠡ ᠶᠢᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠱᠦᠵᠢ᠂ ᠬᠤᠳᠠ ᠶᠢᠨ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠪᠣᠯᠤᠨ ᠠᠵᠢᠯ ᠤᠨ ᠲᠤᠰᠬᠠᠢ ᠠᠩᠬᠢ ᠶᠢᠨ ᠨᠥᠬᠦᠳ | ᠬᠤᠷᠠᠯ ᠳᠤ ᠣᠷᠣᠯᠴᠠᠪᠠ᠃ |