6 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ | ᠵᠢᠦ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠤᠪᠴᠢᠶ᠎ᠠ ᠪᠠᠷ ᠬᠦᠷᠴᠦ ᠰᠤᠷᠪᠤᠯᠵᠢᠯᠠᠭ᠎ᠠ ᠶᠢ ᠬᠦᠯᠢᠶᠡᠨ ᠠᠪᠴᠤ᠂ | ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠲᠠᠰᠤᠭ ᠲᠤ᠂ ᠶᠠᠩ ᠶᠦᠩ ᠵᠢᠦ ᠰᠤᠷᠪᠤᠯᠵᠢᠯᠠᠬᠤ ᠪᠠᠷ ᠢᠷᠡᠭᠰᠡᠨ | ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ | ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠲᠥᠰᠦᠯ ᠲᠣᠷᠡᠳᠪᠡ᠃ ᠲᠡᠷᠡ᠂ ᠵᠠᠬᠢᠳᠠᠯ ᠰᠤᠷᠪᠤᠯᠵᠢᠯᠠᠯ ᠤᠨ ᠠᠵᠢᠯ | ᠪᠣᠯ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠤᠩᠬᠤᠪᠴᠢ ᠮᠥᠨ᠂ ᠶᠡᠷᠦᠩᠬᠡᠶ ᠱᠦᠵᠢ | ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠵᠠᠬᠢᠳᠠᠯ | ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠴᠢᠩᠭ᠎ᠠ ᠪᠣᠳᠠᠲᠠᠶ ᠲᠦᠷᠭᠡᠨ ᠰᠠᠶᠢᠲᠤᠷ ᠬᠢᠵᠣ᠂ ᠪᠠᠶᠢᠴᠠᠭᠠᠨ | ᠬᠠᠷᠭᠤᠭᠤᠯᠬᠤ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠰᠠᠭᠤᠳᠠᠯ ᠢ | ᠰᠢᠢᠳᠪᠦᠷᠢᠯᠡᠬᠦ ᠶᠢ ᠪᠣᠳᠠᠲᠠᠶᠢᠵᠢᠭᠤᠯᠣᠨ᠂ ︽ᠬᠡᠷ ᠲᠤ ᠢᠷᠡᠭᠰᠡᠨ ᠣᠯᠠᠨ ᠲᠦᠮᠡᠨ ᠤ ᠠᠵᠢᠯ︾ ᠢ ᠦᠨᠡᠨ ᠬᠦ ᠨᠠᠷᠢᠯᠢᠭ | ᠪᠣᠳᠠᠲᠠᠶ ᠬᠢᠬᠦ ᠬᠡᠷᠡᠭᠲᠡᠶ᠃ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠭᠦᠨᠵᠡᠭᠡᠶ | ᠬᠡᠷᠡᠭᠵᠢᠭᠦᠯᠵᠦ᠂ ᠤᠯᠠᠨ ᠲᠦᠮᠡᠨ ᠤ ᠤᠴᠢᠷ ᠶᠠᠪᠤᠳᠠᠯ ᠢ ᠰᠠᠶᠢᠳᠣᠷ ᠰᠢᠢᠳᠪᠦᠷᠢᠯᠡᠬᠦ᠂ ᠤᠴᠢᠷ ᠶᠠᠪᠤᠳᠠᠯ ᠢ | ᠲᠣᠭᠤᠰᠢᠳᠡᠢ ᠬᠦᠢᠴᠡᠳᠭᠡᠬᠦ ᠪᠠᠷ ᠵᠣᠷᠢᠯᠲᠠ ᠪᠠ ᠲᠤᠰᠤᠯᠳᠠ ᠪᠠᠨ ᠪᠣᠯᠭᠠᠵᠤ᠂ ᠬᠠᠷᠢᠭᠤᠴᠠᠯᠭ᠎ᠠ ᠪᠠ ᠬᠠᠶᠢᠷ᠎ᠠ | ᠰᠡᠳᠬᠢᠯᠭᠡ ᠲᠠᠢ ᠪᠠᠷ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠨ᠂ ᠬᠡᠷᠡᠭ ᠢ | ᠳᠠᠭᠤᠰᠬᠠᠵᠤ᠂ ᠤᠴᠢᠷ ᠶᠠᠪᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠶ᠃ ᠠᠵᠢᠯ ᠤᠨ | ᠭᠤᠤᠯᠳᠠᠯᠭ᠎ᠠ ᠪᠠᠨ ᠣᠷᠢᠳᠡᠪᠡᠷ ᠪᠠᠶᠠᠯᠠᠬᠦᠯᠬᠦ ᠶᠢ ᠪᠠᠷᠢᠮᠲᠠᠯᠠᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠬᠡᠮ | ᠰᠣᠭᠤᠭ ᠢ ᠪᠥᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠥᠷᠢᠴᠡᠯ ᠢ | ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠦᠶᠠᠰ ᠲᠤᠨᠢ | ᠰᠢᠢᠳᠪᠦᠷᠢᠯᠡᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠦᠷᠭᠦᠯᠵᠢᠯᠡᠨ ᠪᠠᠲᠤᠯᠠᠬᠤ | ᠬᠡᠷᠡᠭᠲᠡᠶ ᠭᠡᠪᠡ᠃ |