ᠨᠢᠭᠡ᠂ ᠪᠢᠴᠢᠭ ᠮᠠᠲ᠋ᠧᠷᠢᠶᠠᠯ ᠤᠨ ᠦᠨᠳᠦᠰᠦᠯᠡᠯ | ᠷᠠᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ︽︿2025 ᠣᠨ ᠤ ᠥᠪᠥᠷ ᠮᠣᠩᠭᠤᠯ ᠤᠨ ᠬᠦᠷᠢᠶ᠎ᠡ ᠬᠠᠰᠢᠶ᠎ᠠ ᠶᠢᠨ ᠠᠵᠤ | ᠠᠬᠤᠶ ᠶᠢ ᠬᠥᠭᠵᠢᠭᠦᠯᠬᠦ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ | ᠠᠬᠤᠶ ᠬᠠᠪᠰᠤᠷᠤᠨ ᠲᠡᠳᠬᠦᠬᠦ ᠲᠠᠷᠬᠠᠭᠠᠭᠰᠠᠨ ﹇2025﹈ 160 ᠳ᠋ᠤᠭᠠᠷ ᠲᠣᠭᠠᠲᠤ︶ ᠪᠠ ᠬᠢᠩᠭᠠᠨ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽︿2025 ᠣᠨ ᠤ ᠬᠢᠩᠭᠠᠨ | ᠠᠶᠢᠮᠠᠭ ᠤᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ︵ ᠬᠢᠩᠭᠠᠨ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ﹇2025﹈ 92 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠷᠡᠰᠢᠶᠠᠨ ᠬᠤᠲᠠ ᠶᠢᠨ ᠪᠣᠳᠠᠲᠠᠶ ᠲᠠᠢ ᠤᠶᠠᠯᠳᠤᠭᠤᠯᠵᠤ᠂ ︽ | ᠷᠠᠰᠢᠶᠠᠨ ᠬᠤᠲᠠ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠴᠢᠨᠠᠷ ᠰᠠᠶᠢᠲᠠᠶ ᠬᠥᠭᠵᠢᠭᠦᠯᠬᠦ ᠱᠠᠩᠨᠠᠯ | ᠨᠥᠬᠦᠪᠥᠷᠢ ᠶᠢᠨ ᠲᠥᠰᠦᠯ︾ ᠢ ᠲᠤᠭᠤᠷᠪᠢᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠡᠭᠦᠷᠭᠡ ᠶᠢᠨ ᠬᠠᠷᠠᠯᠲᠠ | 2025 ᠣᠨ ᠳᠤ ᠳᠥᠷᠪᠡᠨ ᠪᠠᠯᠭᠠᠰᠤᠨ ᠤ ᠬᠡᠪᠴᠢᠶᠡᠨ ᠳᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ︵ | ᠬᠢᠨᠠᠨ ᠬᠡᠮᠵᠢᠬᠦ ᠡᠷᠦᠬᠡ︶ ᠣᠨᠴᠠᠯᠢᠭᠲᠤ ᠲᠠᠷᠢᠮᠠᠯ᠂ ᠲᠡᠵᠢᠭᠡᠨ ᠦᠷᠡᠵᠢᠭᠦᠯᠬᠦ᠂ ᠵᠢᠭᠤᠯᠴᠢᠯᠠᠯ᠂ ᠬᠤᠳᠠᠯᠳᠤᠭᠠᠨ ᠤ | ᠬᠦᠷᠢᠶᠡᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠤᠨ ᠬᠦᠷᠢᠶ᠎ᠡ ᠬᠠᠰᠢᠶ᠎ᠠ ᠶᠢᠨ | ᠠᠵᠤ ᠠᠬᠤᠶ ᠶᠢ ᠬᠥᠭᠵᠢᠭᠦᠯᠬᠦ ᠪᠠᠷ ᠳᠠᠮᠵᠢᠭᠤᠯᠤᠨ ᠣᠷᠣᠯᠭ᠎ᠠ ᠶᠢ ᠨᠡᠮᠡᠭᠳᠡᠭᠦᠯᠵᠦ᠂ ᠬᠦᠷᠢᠶ᠎ᠡ ᠬᠠᠰᠢᠶ᠎ᠠ ᠶᠢᠨ ᠠᠵᠤ | ᠠᠬᠤᠶ ᠶᠢ ᠬᠥᠭᠵᠢᠭᠦᠯᠬᠦ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ | ︶ ᠶᠢ ᠪᠦᠬᠦᠨ ᠢ ᠬᠠᠮᠤᠷᠣᠭᠤᠯᠬᠤ ᠪᠠᠷ ᠴᠢᠷᠮᠠᠶᠢᠨ᠎ᠠ᠃ | ︵ᠬᠤᠶᠠᠷ︶ ᠳᠡᠮᠵᠢᠬᠦ ᠭᠤᠣᠯᠳᠠᠯᠭ᠎ᠠ | ᠲᠠᠷᠢᠮᠠᠯ ᠤᠨ ᠦᠢᠯᠡᠰ᠂ ᠲᠡᠵᠢᠭᠡᠪᠦᠷᠢ ᠶᠢᠨ ᠦᠢᠯᠡᠰ᠂ ᠵᠢᠭᠤᠯᠴᠢᠯᠠᠯ ᠤᠨ ᠦᠢᠯᠡᠰ᠂ ᠭᠠᠷ ᠦᠢᠯᠡᠳᠪᠦᠷᠢ ᠪᠠ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠨᠡᠶᠢᠴᠡᠬᠦ ᠪᠤᠰᠤᠳ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠣᠶᠢᠯᠡᠰ ᠢ ᠡᠷᠬᠢᠯᠠᠵᠣ ᠪᠠᠶᠢᠭ᠎ᠠ ᠬᠦᠮᠣᠰ ᠢ ᠲᠡᠮᠵᠢᠨ᠎ᠠ ᠃ ᠪᠣᠳᠠᠲᠠᠢ ᠠᠭᠤᠯᠭ᠎ᠠ ᠨᠢ ᠲᠠᠭᠠᠯᠳᠣᠭᠤᠯᠣᠯ ᠳᠤ ᠪᠣᠢ᠃ | ︵ᠭᠤᠷᠪᠠ︶ ᠪᠡᠯᠡ ᠮᠥᠩᠭᠦ ᠶᠢᠨ ᠢᠷᠡᠯᠲᠡ ᠵᠢᠴᠢ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ | ᠪᠡᠯᠡ ᠮᠥᠩᠭᠦ ᠶᠢᠨ ᠢᠷᠡᠯᠳᠡ ᠨᠢ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠠᠷᠬᠠᠭᠠᠬᠰᠠᠨ ᠪᠡᠯᠡ ᠮᠦᠩᠬᠦ | ᠪᠠᠶᠢᠵᠣ᠂ ᠱᠠᠩᠨᠠᠵᠤ ᠨᠥᠬᠦᠪᠦᠷᠢᠯᠡᠬᠦ ᠶᠢ ᠬᠡᠷᠡᠭᠵᠢᠭᠦᠯᠣᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ | ᠬᠡᠮᠵᠢᠯᠲᠡ ᠶᠢᠨ ᠡᠷᠦᠬᠡ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠬᠠᠮᠤᠭ ᠤᠨ ᠥᠨᠳᠥᠷ ᠪᠠᠷᠢᠮᠵᠢᠶ᠎ᠠ ᠨᠢ | 30000 ᠲᠥᠭᠦᠷᠢᠭ / ᠡᠷᠦᠬᠡ ᠪᠣᠯᠤᠨ᠎ᠠ᠃ ᠪᠤᠰᠤᠳ ᠲᠥᠷᠥᠯ ᠵᠣᠶᠢᠯ ᠢ ᠬᠥᠭᠵᠢᠭᠦᠯᠦᠭᠰᠡᠨ ᠬᠠᠮᠤᠭ ᠤᠨ ᠥᠨᠳᠥᠷ | ᠱᠠᠩᠨᠠᠵᠤ ᠨᠥᠬᠦᠪᠥᠷᠢᠯᠡᠬᠦ ᠪᠠᠷᠢᠮᠵᠢᠶ᠎ᠠ ᠨᠢ 10000 ᠲᠥᠭᠦᠷᠢᠭ / ᠡᠷᠦᠬᠡ ᠪᠠᠶᠢᠵᠤ᠂ ᠣᠯᠠᠨ ᠵᠣᠶᠢᠯ ᠤᠨ ᠬᠦᠷᠢᠶ᠎ᠡ | ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠦᠭᠰᠡᠨ ᠨᠥᠬᠦᠪᠥᠷᠢ ᠶᠢ ᠨᠡᠶᠢᠲᠡ 10000 ᠲᠥᠭᠦᠷᠢᠭ ᠠᠴᠠ | ᠬᠡᠲᠦᠷᠡᠭᠦᠯᠬᠦ ᠥᠬᠡᠶ᠂ ᠲᠣᠰ ᠤᠳᠠᠭᠠᠨ ᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠬᠦᠷᠢᠶ᠎ᠡ ᠬᠠᠰᠢᠶ᠎ᠠ ᠶᠢᠨ ᠠᠵᠤ | ᠠᠬᠤᠶ ᠶᠢ ᠬᠥᠭᠵᠢᠭᠦᠯᠥᠭᠰᠠᠨ ᠤ ᠲᠠᠷᠠᠭ᠎ᠠ ᠰᠢᠯᠭᠠᠨ ᠠᠪᠬᠤ ᠳᠤ ᠬᠢᠷᠢ ᠲᠡᠩᠴᠡᠭᠰᠡᠳ ᠲᠤ ᠣᠯᠭᠤᠨ᠎ᠠ᠃ | ︵ᠲᠦᠷᠪᠡ︶ ᠬᠡᠷᠡᠭᠵᠢᠬᠦᠯᠬᠦ ᠶᠠᠪᠣᠴᠠ | ᠶᠠᠳᠡᠭᠤ ᠠᠴᠠ ᠠᠩᠬᠢᠵᠢᠷᠡᠬᠠᠰᠠᠨ ᠡᠷᠣᠭᠡ ᠠᠴᠠ ᠭᠤᠶᠣᠴᠢᠯᠡᠨᠠ→ ᠲᠣᠰᠬᠤᠨ ᠠᠴᠠ ᠭᠤᠶᠤᠴᠢᠯᠠᠨ᠎ᠠ→ | ᠪᠠᠯᠭᠠᠰᠣ ᠠᠴᠠ ᠬᠢᠨᠠᠨ ᠬᠠᠷᠭᠤᠭᠤᠯᠤᠨ᠎ᠠ→ ᠲᠣᠰᠬᠤᠨ᠂ ᠪᠠᠯᠭᠠᠰᠤ ᠵᠣᠬᠢᠶᠠᠨ ᠪᠠᠶᠢᠭᠤᠯᠤᠨ ᠬᠡᠷᠡᠭᠵᠢᠭᠦᠯᠣᠨ᠎ᠠ | →ᠬᠤᠲᠠ ᠠᠴᠠ ᠬᠢᠨᠠᠨ ᠬᠠᠷᠭᠤᠭᠤᠯᠤᠨ᠎ᠠ | ᠰᠢᠯᠭᠠᠨ ᠪᠠᠶᠢᠴᠠᠭᠠᠬᠤ ᠴᠠᠭ ᠨᠢ ᠵᠢᠯ ᠪᠦᠷᠢ ᠶᠢᠨ 9 ᠰᠠᠷ᠎ᠠ ᠶᠢᠨ 30 ᠤ ᠡᠳᠦᠷ ᠠᠴᠠ ᠡᠮᠦᠨ᠎ᠡ ︵ᠪᠦᠯᠦᠭ | ᠤᠳᠠᠭ᠎ᠠ ᠬᠤᠪᠢᠶᠠᠨ ᠰᠢᠯᠭᠠᠨ᠎ᠠ︶᠂ ᠬᠢᠷᠢ ᠲᠡᠩᠴᠡᠭᠰᠡᠨ ᠤ ᠳᠠᠷᠠᠭᠠᠬᠢ 5 ᠠᠵᠢᠯ ᠤᠨ ᠡᠳᠦᠷ ᠲᠤ ᠪᠠᠯᠭᠠᠰᠤ ᠠᠴᠠ | ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠴᠢᠨᠠᠷ ᠰᠠᠶᠢᠲᠠᠶ ᠬᠦᠷᠢᠶ᠎ᠠ ᠬᠠᠰᠢᠶ᠎ᠠ ᠶᠢᠨ ᠠᠵᠤ | ᠠᠬᠤᠶ ᠶᠢ ᠬᠥᠭᠵᠢᠭᠦᠯᠥᠭᠰᠠᠨ ᠡᠷᠦᠬᠡ ᠶᠢ ᠳᠠᠬᠢᠨ ᠰᠢᠯᠭᠠᠨ ᠪᠠᠶᠢᠴᠠᠭᠠᠬᠤ ᠶᠢᠨ ᠬᠠᠮᠲᠤ ᠳᠠᠬᠢᠨ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢᠶᠠᠨ ᠪᠠᠶᠢᠭ᠎ᠠ ᠲᠣᠰᠬᠤᠨ ᠳᠤ ᠪᠠᠨ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠤ | ᠳᠠᠷᠠᠭ᠎ᠠ ᠣᠨᠳᠣᠤ ᠰᠠᠨᠠᠯ ᠥᠬᠡᠶ ᠪᠣᠯ ᠰᠢᠯᠭᠠᠨ ᠠᠪᠤᠭᠰᠠᠨ ᠮᠡᠳᠡᠭᠦᠯᠦᠯᠲᠡ ᠪᠠ ᠪᠠᠯᠭᠠᠰᠤᠨ ᠤ ᠬᠦᠷᠢᠶ᠎ᠡ ᠬᠠᠰᠢᠶ᠎ᠠ ᠶᠢᠨ | ᠠᠵᠤ ᠠᠬᠤᠶ ᠶᠢᠨ ᠲᠥᠷᠥᠯ ᠵᠦᠢᠯ ᠤᠨ ᠨᠥᠬᠦᠪᠥᠷᠢ ᠶᠢᠨ ᠨᠠᠷᠢᠨ ᠬᠦᠰᠦᠨᠦᠭᠲᠦ ᠭᠠᠷᠭᠠᠵᠤ᠂ ᠬᠤᠲᠠ ᠶᠢᠨ ᠲᠠᠷᠢᠶᠠᠯᠠᠩ | ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠵᠤ᠂ ᠨᠥᠬᠦᠪᠥᠷᠢ ᠮᠥᠩᠭᠦ ᠶᠢ ᠪᠠᠩᠬᠢ ᠪᠠᠷ ᠳᠠᠮᠵᠢᠨ ᠶᠠᠳᠠᠭᠤ ᠠᠴᠠ ᠠᠩᠭᠢᠵᠢᠷᠠᠭᠰᠠᠨ | ᠡᠷᠦᠬᠡ ︵ᠬᠢᠨᠠᠨ ᠬᠡᠮᠵᠢᠬᠦ ᠡᠷᠦᠬᠡ︶ ᠶᠢᠨ ᠺᠠᠷᠲ ᠲᠤ ᠣᠷᠣᠭᠤᠯᠣᠨ᠎ᠠ᠃ ᠳᠠᠬᠢᠨ ᠰᠢᠯᠭᠠᠨ ᠪᠠᠶᠢᠴᠠᠭᠠᠭᠠᠳ ᠬᠢᠷᠢ | ᠲᠡᠩᠴᠡᠭᠰᠡᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠡᠷᠦᠬᠡ ᠶᠢ ᠰᠣᠩᠭᠤᠨ ᠰᠢᠯᠭᠠᠨ ᠪᠠᠶᠢᠴᠠᠭᠠᠵᠤ᠂ ᠰᠣᠩᠭᠤᠨ | ᠰᠢᠯᠭᠠᠬᠤ ᠬᠠᠷᠢᠴᠠᠯ ᠨᠢ 30% ᠪᠣᠯᠤᠨ᠎ᠠ᠃ | ᠭᠤᠷᠪᠠ᠂ ᠤᠨᠴᠠᠭᠠᠢ ᠲᠣᠳᠣᠷᠬᠠᠶᠢᠯᠠᠯᠲᠠ | ︵ᠨᠢᠭᠡ︶ ᠳᠡᠭᠡᠷ᠎ᠡ ᠳᠤᠷᠠᠳᠤᠭᠰᠠᠨ ᠱᠠᠩᠨᠠᠵᠤ ᠨᠥᠬᠦᠪᠦᠷᠢᠯᠡᠬᠦ ᠬᠦᠷᠢᠶ᠎ᠡ ᠬᠡᠪᠴᠢᠶ᠎ᠡ ᠨᠢ ᠴᠥᠮ 2025 ᠣᠨ ᠤ | 1 ᠰᠠᠷ᠎ᠠ ᠶᠢᠨ 1 ᠤ ᠡᠳᠦᠷ ᠠᠴᠠ ᠨᠠᠭᠠᠰᠢᠬᠢ ᠰᠢᠨ᠎ᠡ ᠪᠠᠷ ᠬᠥᠭᠵᠢᠬᠦᠯᠥᠭᠰᠠᠨ ᠪᠠ ᠰᠢᠨ᠎ᠠ ᠪᠠᠷ ᠣᠷᠣᠭᠤᠯᠤᠬᠰᠠᠨ | ᠪᠠᠶᠢᠬᠤ ᠭᠡᠷᠡᠭᠳᠡᠢ᠃ | ︵ᠬᠤᠶᠠᠷ︶ ᠵᠠᠰᠠᠭ ᠵᠠᠬᠢᠷᠭ᠎ᠠ ᠶᠢᠨ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠪᠣᠯᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠵᠡᠷᠭᠡ ᠡᠳ᠋ ᠤᠨ ᠵᠠᠰᠠᠭ ᠠᠴᠠ ᠣᠷᠣᠨ ᠲᠤᠭ᠎ᠠ ᠳᠤ ᠪᠠᠶᠢᠭ᠎ᠠ ᠬᠥᠮᠦᠰ ᠪᠣᠯᠤᠨ | ᠠᠵᠢᠯ ᠠᠴᠠ ᠪᠠᠨ ᠠᠮᠠᠷᠠᠭᠰᠠᠳ ᠲᠤ ᠲᠤᠰ ᠲᠥᠷᠥ ᠶᠢᠨ ᠪᠣᠳᠣᠯᠭ᠎ᠠ ᠶᠢ ᠬᠦᠷᠲᠡᠭᠡᠬᠦ ᠦᠭᠡᠶ᠃ | ︵ᠭᠤᠷᠪᠠ︶ ᠬᠠᠤᠯᠢ ᠠᠴᠠ ᠵᠥᠷᠢᠴᠡᠭᠰᠡᠨ ᠪᠠᠷᠢᠯᠭ᠎ᠠ ᠵᠢᠴᠢ ᠲᠡᠭᠦᠨ ᠤ ᠬᠦᠷᠢᠶᠡᠨ ᠳᠣᠲᠣᠷ᠎ᠠ ᠬᠡᠷᠡᠭᠵᠢᠭᠦᠯᠦᠭᠰᠡᠨ | ᠬᠦᠷᠢᠶ᠎ᠡ ᠬᠠᠰᠢᠶᠠᠨ ᠤ ᠠᠵᠤ ᠠᠬᠤᠶ ᠶᠢᠨ ᠲᠥᠷᠥᠯ ᠵᠦᠢᠯ ᠳᠤ ᠲᠤᠰ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠶ᠃ | | ᠳᠥᠷᠪᠡ᠂ ᠲᠥᠷᠥ ᠶᠢᠨ ᠪᠣᠳᠣᠯᠭ᠎ᠠ ᠶᠢᠨ ᠬᠤᠪᠢᠷᠠᠯᠲᠠ | ︵ᠨᠢᠭᠡ︶ ᠶᠡᠷᠦᠩᠬᠡᠢ ᠬᠠᠷᠠᠯᠲᠠ ᠶᠢᠨ ᠵᠦᠷᠢᠶ᠎ᠡ | 2024 ᠤᠨ ᠤ ᠲᠦᠰᠦᠯ ᠨᠢ ᠭᠤᠤᠯᠳᠠᠭᠤ ᠲᠤᠬᠠᠢ ᠶᠢᠨ ᠵᠢᠯ ᠤᠨ ᠬᠦᠭᠵᠢᠯᠳᠡ ᠶᠢᠨ ᠬᠡᠪᠴᠢᠶ᠎ᠠ ᠶᠢ | ᠦᠨᠳᠣᠰᠣᠯᠠᠵᠣ᠂ ᠵᠢᠱᠢᠶ᠎ᠠ ᠦᠵᠡᠬᠦᠯᠬᠦ ᠪᠠᠯᠭᠠᠰᠤ ᠂ ᠳᠤᠰᠬᠤᠨ ᠢ ᠪᠠᠶᠢᠭᠤᠯᠬᠤ ᠪᠠᠷ ᠬᠠᠷᠠᠯᠳᠠ ᠪᠤᠯᠭᠠᠵᠤ᠂ | ᠪᠠᠶᠢᠩᠭᠤ ᠰᠠᠭᠤᠭ᠎ᠠ ᠡᠷᠦᠬᠡ ᠶᠢᠨ 30% ᠠᠴᠠ ᠳᠡᠭᠡᠭᠰᠢᠬᠢ ᠬᠦᠷᠢᠶ᠎ᠡ ᠬᠠᠰᠢᠶᠠᠨ ᠤ ᠠᠵᠤ ᠠᠬᠤᠢ ᠶᠢ | ᠬᠦᠭᠵᠢᠬᠦᠯᠬᠦ ᠶᠢ ᠠᠬᠢᠭᠤᠯᠤᠨ᠎ᠠ᠃ 2025 ᠤᠨ ᠤ ᠲᠦᠰᠦᠯ ᠨᠢ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ | ᠬᠡᠮᠵᠢᠬᠦ ᠡᠷᠦᠬᠡ︶ ᠳᠤ ᠠᠩᠬᠠᠷᠤᠯ ᠢᠶᠠᠨ ᠲᠦᠪᠯᠡᠷᠡᠬᠦᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠵᠢᠱᠢᠶ᠎ᠠ | ᠦᠵᠡᠬᠦᠯᠬᠦ ᠦᠢᠯᠡᠳᠦᠯ ᠢ ᠪᠠᠳᠠᠷᠠᠭᠤᠯᠵᠤ᠂ ᠵᠢᠱᠢᠶ᠎ᠠ ᠦᠵᠡᠬᠦᠯᠬᠦ ᠪᠠᠯᠭᠠᠰᠤ᠂ ᠳᠤᠰᠬᠤᠨ ᠢ ᠲᠤᠰ ᠪᠦᠷᠢ ᠨᠢᠭᠡ ᠶᠢ | ᠪᠠᠶᠢᠭᠤᠯᠵᠤ᠂ ᠭᠤᠤᠯᠳᠠᠯᠭ᠎ᠠ ᠲᠠᠢ ᠬᠦᠮᠦᠰ ᠢ ᠳᠡᠮᠵᠢᠬᠦ ᠶᠢ ᠨᠡᠩ ᠠᠩᠬᠠᠷᠤᠨ᠎ᠠ᠃ | ︵ᠬᠤᠶᠠᠷ︶ ᠲᠡᠳᠬᠦᠮᠵᠢ ᠬᠦᠷᠳᠡᠬᠦ ᠡᠲᠡᠭᠡᠳ ᠵᠢᠴᠢ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠶᠢᠨ ᠵᠥᠷᠢᠶ᠎ᠡ | 2024 ᠣᠨ ᠤ ᠲᠥᠰᠦᠯ ᠢᠶᠠᠷ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠪᠠ | ᠡᠩ ᠤᠨ ᠡᠷᠦᠬᠡ ᠶᠢ ᠢᠯᠭᠠᠵᠤ ᠵᠦᠷᠢᠶᠡᠳᠣ ᠱᠠᠩᠨᠠᠯ ᠨᠥᠬᠦᠪᠥᠷᠢ ᠣᠯᠭᠤᠨ᠎ᠠ᠂ ᠵᠢᠱᠢᠶᠡᠯᠡᠪᠡᠯ ᠵᠢᠭᠤᠯᠴᠢᠯᠠᠯ ᠤᠨ | ᠲᠥᠷᠥᠯ ᠤᠨ ᠲᠥᠷᠥᠯ ᠵᠦᠢᠯ ᠤᠨ ᠡᠩ ᠤᠨ ᠡᠷᠦᠬᠡ ᠳᠤ ᠬᠠᠮᠤᠭ ᠤᠨ ᠥᠨᠳᠥᠷ ᠲᠡᠭᠡᠨ 10000 ᠲᠥᠭᠦᠷᠢᠭ | ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠳᠤ ᠬᠠᠮᠤᠭ ᠤᠨ | ᠥᠨᠳᠥᠷ ᠲᠡᠭᠡᠨ 20000 ᠲᠥᠭᠦᠷᠢᠭ ᠨᠥᠬᠦᠪᠥᠷᠢᠯᠡᠨ᠎ᠡ᠃ 2025 ᠣᠨ ᠤ ᠲᠥᠰᠦᠯ ᠨᠢ ᠭᠤᠤᠯᠳᠠᠭᠤ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠳᠤ ᠴᠢᠭᠯᠡᠭᠦᠯᠦᠨ᠂ ᠵᠢᠭᠤᠯᠴᠢᠯᠠᠯ ᠤᠨ | ᠲᠥᠷᠥᠯ ᠤᠨ ᠲᠥᠷᠥᠯ ᠵᠦᠢᠯ ᠤᠨ ᠬᠠᠮᠤᠭ ᠤᠨ ᠥᠨᠳᠥᠷ ᠱᠠᠩᠨᠠᠯ ᠨᠥᠬᠦᠪᠥᠷᠢ ᠶᠢ 30000 ᠲᠥᠭᠦᠷᠢᠭ / | ᠡᠷᠦᠬᠡ ᠳᠤ ᠬᠦᠷᠲᠡᠯ᠎ᠡ ᠳᠡᠭᠡᠭᠰᠢᠯᠡᠭᠦᠯᠵᠦ᠂ ᠪᠤᠰᠤᠳ ᠲᠥᠷᠥᠯ ᠵᠦᠢᠯ ᠤᠨ ᠬᠠᠮᠤᠭ ᠤᠨ ᠥᠨᠳᠥᠷ ᠱᠠᠩᠨᠠᠯ | ᠨᠥᠬᠦᠪᠥᠷᠢ ᠶᠢ 10000 ᠲᠥᠭᠦᠷᠢᠭ / ᠡᠷᠦᠬᠡ ᠳᠤ ᠬᠦᠷᠦᠭᠦᠯᠵᠦ᠂ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠳᠠᠰᠢ ᠬᠡᠯᠪᠠᠶᠢᠯᠭᠡᠵᠡᠢ᠃ | ︵ᠭᠤᠷᠪᠠ︶ ᠭᠤᠤᠯᠳᠠᠯᠭ᠎ᠠ ᠲᠠᠢ ᠲᠡᠳᠬᠦᠬᠦ ᠲᠦᠷᠣᠯ ᠵᠣᠶᠢᠯ ᠤᠨ ᠵᠦᠷᠢᠶ᠎ᠡ | ᠲᠡᠵᠢᠭᠡᠨ ᠦᠷᠡᠵᠢᠭᠦᠯᠬᠦ ᠲᠥᠷᠥᠯ ᠵᠦᠢᠯ ᠳᠤ᠂ 2024 ᠣᠨ ᠳᠤ ᠣᠯᠠᠨ ᠲᠥᠷᠥᠯ ᠤᠨ ᠮᠠᠯ ᠵᠢᠭᠦᠷᠲᠡᠨ | ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ 2025 ᠣᠨ ᠳᠤ ᠬᠡᠷ ᠤᠨ | ᠵᠢᠭᠦᠷᠲᠡᠨ ᠤ ᠲᠥᠷᠥᠯ ᠢ ᠲᠣᠳᠣᠷᠬᠠᠶ ᠠᠷᠢᠯᠭᠠᠵᠤ᠂ ᠤᠨᠴᠠᠯᠢᠬᠳᠤ ᠲᠡᠵᠢᠭᠡᠨ ᠦᠷᠡᠵᠢᠭᠦᠯᠬᠦ ᠶᠢ ᠲᠠᠶᠢᠴᠢᠯᠡᠨ | ᠵᠢᠯᠣᠭᠤᠳᠪᠠ᠃ ᠬᠤᠳᠠᠯᠳᠤᠭᠠᠨ ᠤ ᠲᠥᠷᠥᠯ ᠤᠨ ᠵᠦᠢᠯ ᠳᠤ᠂ 2025 ᠣᠨ ᠳᠤ ᠰᠦᠯᠵᠢᠶ᠎ᠡ ᠪᠠᠷ ᠪᠣᠷᠣᠯᠠᠭᠤᠯᠬᠤ | ᠪᠠ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠢᠨ᠎ᠡ ᠪᠠᠷ | ᠨᠡᠮᠡᠭᠳᠡᠭᠦᠯᠵᠦ᠂ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠳᠤ | ᠬᠦᠴᠦᠨ ᠨᠡᠮᠡᠷᠢᠯᠡᠪᠡ᠃ | ︵ᠲᠦᠷᠪᠡ︶ ᠬᠡᠷᠡᠭᠵᠢᠭᠦᠯᠬᠦ ᠶᠠᠪᠣᠴᠠ ᠳᠠᠬᠢ ᠵᠦᠷᠢᠶ᠎ᠡ | 2024 ᠣᠨ ᠤ ᠲᠥᠰᠦᠯ ᠳᠤ ᠲᠠᠷᠢᠶᠠᠴᠢᠨ ᠡᠷᠦᠬᠡ ᠭᠤᠶᠤᠴᠢᠯᠠᠬᠤ᠂ ᠲᠣᠰᠬᠤᠨ ᠭᠤᠶᠤᠴᠢᠯᠠᠨ ᠮᠡᠳᠡᠭᠦᠯᠬᠦ | ᠵᠡᠷᠭᠡ ᠵᠢᠷᠭᠤᠭᠠᠨ ᠭᠤᠭᠴᠤᠭ᠎ᠠ ᠪᠠᠭᠲᠠᠨ᠎ᠠ᠂ ᠬᠤᠲᠠ ᠠᠴᠠ ᠬᠢᠨᠠᠨ ᠵᠥᠪᠰᠢᠶᠡᠷᠡᠨ᠎ᠠ᠃ 2025 ᠣᠨ ᠤ | ᠲᠥᠰᠦᠯ ᠤᠨ ᠶᠠᠪᠣᠴᠠ ᠶᠢ ᠳᠥᠭᠦᠮᠴᠢᠯᠡᠵᠦ᠂ ᠲᠤᠰᠠᠭᠠᠷ ᠬᠤᠲᠠ ᠶᠢᠨ ᠬᠢᠨᠠᠨ ᠵᠥᠪᠰᠢᠶᠡᠷᠡᠬᠦ ᠶᠠᠪᠣᠴᠠ ᠥᠬᠡᠶ᠃ | ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠠᠯ᠎ᠠ ᠪᠠᠷ᠂ 2024 ᠣᠨ ᠳᠤ ᠬᠥᠳᠡᠯᠮᠦᠷᠢᠯᠡᠬᠦ ᠴᠢᠳᠠᠪᠤᠷᠢ ᠥᠬᠡᠶ | ᠡᠷᠦᠬᠡ ᠪᠠ ᠰᠤᠯᠠ ᠬᠦᠷᠢᠶ᠎ᠡ ᠬᠠᠰᠢᠶ᠎ᠠ ᠶᠢᠨ ᠨᠥᠬᠦᠪᠥᠷᠢ ᠪᠠᠯᠠ ᠮᠥᠩᠭᠦ ᠶᠢ ᠪᠥᠲᠥᠭᠡᠨ ᠪᠠᠶᠢᠭᠤᠯᠤᠭᠴᠢ ᠳᠤ ᠦᠭᠴᠣ᠂ | 2025 ᠣᠨ ᠳᠤ ᠲᠣᠰ ᠪᠦᠷᠢ ᠡᠷᠦᠬᠡ ᠶᠢᠨ ᠡᠵᠡᠨ ᠪᠠ ᠲᠣᠰᠬᠤᠨ ᠤ ᠬᠠᠮᠲᠤ ᠨᠡᠶᠢᠲᠡ ᠳᠤ ᠬᠠᠷᠢᠶᠠᠯᠠᠭᠤᠯᠤᠨ᠎ᠠ᠃ | ᠲᠣᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠨᠡᠶᠢᠲᠡᠯᠡᠵᠦ᠂ ᠬᠡᠷᠪᠡ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠯᠠᠪᠯᠠᠭ᠎ᠠ ᠠᠪᠬᠤ ᠴᠢᠬᠤᠯᠠᠲᠠᠶ ᠪᠠᠶᠢᠪᠠᠯ ᠠᠰᠠᠭᠤᠨ ᠯᠠᠪᠯᠠᠬᠤ ᠤᠲᠠᠰᠤ᠄ 0482 - 7123203 | ᠶᠢ ᠣᠳᠡᠰᠣᠭᠠᠷᠡᠢ᠃ | ᠬᠦᠰᠣᠨᠥᠭᠳᠣ ᠶᠢᠨ ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ | ᠰᠦᠯᠵᠢᠶ᠎ᠠ ᠠᠴᠠ ᠦᠵᠡᠭᠡᠷᠡᠢ︕ |