ᠲᠢᠶᠠᠨ ᡂᠢ ᠪᠠᠯᠭᠠᠰᠣ ᠶᠢᠨ ᠢᠷᠪᠢᠰ ᠲᠣᠰᠬᠤᠨ ᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠰᠣᠷᠣᠯᠴᠠᠯᠭ᠎ᠠ ᠬᠢᠵᠡᠢ
ᠨᠡᠶᠢᠲᠡᠯᠡᠭᠰᠡᠨ ᠴᠠᠭ᠄
2025/6/18
    ᠬᠠᠷᠢᠶ᠎ᠠ ᠣᠷᠣᠨ ᠤ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠷᠡᠰᠢᠶᠠᠨ ᠬᠤᠳᠡ ᠶᠢᠨ ᠢᠷᠪᠢᠰ ᠲᠣᠰᠬᠤᠨ ᠤ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠶ ᠰᠤᠷᠤᠯᠴᠠᠬᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠲᠦᠷᠢᠮ ᠢ ᠰᠠᠶᠢᠲᠤᠷ ᠬᠡᠷᠡᠭᠵᠢᠭᠦᠯᠬᠦ ᠵᠢᠴᠢ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠲᠥᠪᠯᠡᠷᠡᠭᠦᠯᠦᠨ ᠰᠤᠷᠤᠯᠴᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠥᠷᠨᠢᠭᠦᠯᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃    ᠪᠦᠬᠦ ᠨᠠᠮ ᠤᠨ ᠭᠡᠰᠢᠭᠦᠨ ︽ᠰᠢ ᠶᠢᠨ ᠫᠢᠩ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠰᠤᠷᠲᠠᠯ ᠨᠠᠮ ᠤᠨ ᠲᠦᠷᠢ ᠲᠥᠷᠬᠦ ᠲᠠᠢ ᠬᠤᠯᠪᠣᠭᠳᠠᠵᠤ᠂ ᠬᠥᠮᠦᠨ ᠤ ᠰᠡᠳᠬᠢᠯ ᠤᠨ ᠬᠠᠨᠳᠤᠰᠢ ᠳᠤ ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠢᠯᠠᠵᠤ ᠢᠯᠠᠭᠳᠠᠬᠤ ᠲᠠᠢ ᠬᠤᠯᠪᠣᠭᠳᠠᠬᠤ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠨᠠᠮ ᠤᠨ ᠭᠡᠰᠢᠭᠦᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠣᠨ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠣᠨ᠎ᠠ ᠭᠡᠵᠦ ᠰᠠᠨᠠᠯ ᠨᠢᠭᠡᠲᠡᠶ ᠬᠡᠯᠡᠪᠡ᠃   ᠬᠤᠷᠠᠯ ᠳᠤ ᠪᠠᠰᠠ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ︾ ᠤᠨ ᠲᠣᠬᠠᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠬᠤ ᠶᠢᠨ ᠬᠠᠮᠲᠤ ᠶᠠᠷᠢᠯᠴᠠᠬᠤ ᠬᠤᠷᠠᠯ ᠥᠷᠨᠢᠭᠦᠯᠪᠡ᠃ ᠵᠠᠩ ᡁᠢ ᠰᠢᠨ᠂ ᠨᠠᠮ ᠤᠨ ᠭᠡᠰᠢᠭᠦᠨ ᠺᠠᠳ᠋ᠷ ᠲᠠᠢ ᠲᠤᠬᠳᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠢᠩᠭ᠎ᠠ ᠴᠠᠭᠠᠵᠠᠯᠠᠬᠤ ᠲᠤᠬᠠᠢ ᠰᠡᠳᠬᠢᠯ ᠤᠨ ᠦᠭᠡ ᠪᠠᠨ ᠶᠠᠷᠢᠯᠴᠠᠵᠦ᠂ ᠲᠤᠬᠳᠠᠭᠠᠯ ᠠᠴᠠ ᠵᠥᠷᠢᠴᠡᠨ ᠢᠳᠡᠵᠦ ᠤᠤᠭᠤᠬᠤ   ᠨᠢ ᠤᠯᠠᠨ ᠨᠡᠶᠢᠳᠡ ᠶᠢᠨ ᠡᠬᠢ ᠪᠠᠶᠠᠯᠢᠭ ᠢ ᠪᠦᠷᠢᠯᠭᠡᠨ ᠰᠦᠢᠳᠭᠡᠬᠦ ᠪᠠᠷ ᠪᠠᠷᠠᠬᠤ ᠦᠭᠡᠢ᠂ ᠨᠠᠮ ᠪᠠ ᠵᠠᠰᠠᠭ ᠤᠨ ᠤᠷᠳᠤᠨ ᠤ ᠲᠦᠷᠢ ᠲᠦᠷᠬᠦ ᠶᠢ ᠬᠤᠬᠢᠷᠠᠭᠤᠯᠣᠨ᠎ᠠ᠃ ᠡᠶᠢᠮᠣ ᠠᠴᠠ ᠡᠷᠭᠡᠪᠰᠢ ᠴᠢᠩᠭ᠎ᠠ ᠬᠤᠷᠡᠯᠠᠵᠣ ᠴᠢᠩᠭ᠎ᠠ ᠰᠠᠷᠡᠮᠵᠢᠯᠡᠬᠦ ᠭᠡᠷᠡᠭᠳᠡᠢ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号