ᠲᠢᠶᠠᠨ ᡂᠢ ᠪᠠᠯᠭᠠᠰᠤᠨ ᠤ ᠢᠷᠪᠢᠰ ᠲᠣᠰᠬᠤᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠨᠠᠮ ᠤᠨ ᠬᠢᠴᠢᠶᠠᠯ ᠣᠷᠣᠵᠡᠢ
ᠨᠡᠶᠢᠲᠡᠯᠡᠭᠰᠡᠨ ᠴᠠᠭ᠄
2025/6/18
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠴᠥᠬᠦᠷᠡᠰᠢ ᠦᠭᠡᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ᠂  ᠷᠡᠰᠢᠶᠠᠨ ᠬᠤᠳᠡ ᠶᠢᠨ ᠢᠷᠪᠢᠰ ᠲᠣᠰᠬᠤᠨ ᠤ ᠨᠠᠮ ᠤᠨ ᠡᠭᠦᠷ ᠤᠨ ᠲᠦᠷ ᠴᠠᠭ ᠤᠨ ᠬᠠᠷᠢᠭᠤᠴᠠᠯᠭᠠᠲᠠᠨ ᠵᠠᠩ ᡁᠢ ᠰᠢᠨ ︽ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ︾ ᠪᠠᠷ ᠭᠤᠣᠯ ᠰᠡᠳᠦᠪ ᠢᠶᠠᠨ ᠪᠣᠯᠭᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃     ᠬᠤᠷᠠᠯ ᠳᠤ᠂ ᠵᠠᠩ ᡁᠢ ᠰᠢᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠡᠦᠬᠡᠨ ᠠᠬᠤᠢ ᠪᠠᠶᠢᠳᠠᠯ᠂ ᠭᠤᠣᠯ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠪᠡ᠃ ᠬᠤᠷᠠᠯ ᠤᠨ ᠪᠢᠴᠢᠭ ᠮᠠᠲ᠋ᠧᠷᠢᠶᠠᠯ ᠢ ᠴᠣᠮᠬᠠᠳᠬᠠᠬᠤ᠂ ᠠᠯᠪᠠᠨ ᠶᠠᠪᠤᠳᠠᠯ ᠤᠨ ᠵᠣᠴᠢᠯᠠᠭ᠎ᠠ ᠶᠢ ᠵᠢᠷᠤᠮᠵᠢᠭᠤᠯᠬᠤ ᠵᠡᠷᠭᠡ ᠪᠣᠳᠠᠲᠠᠢ ᠱᠠᠭᠠᠷᠳᠠᠯᠭ᠎ᠠ ᠠᠴᠠ ᠭᠠᠷᠳᠠᠴᠠ ᠪᠣᠯᠭᠠᠵᠤ᠂ ︽ᠪᠠᠭ᠎ᠠ ᠶᠠᠪᠤᠳᠠᠯ︾ ᠢᠶᠠᠷ ᠰᠤᠷᠲᠠᠯ ᠤᠨ ᠪᠠᠶᠢᠭᠤᠯᠤᠯᠲᠠ ᠶᠢᠨ ︽ᠶᠡᠭᠡ ᠬᠤᠪᠢᠰᠤᠯᠲᠠ︾ ᠶᠢ ᠠᠬᠢᠭᠤᠯᠬᠤ ᠪᠠᠷ ᠵᠢᠯᠤᠭᠤᠳᠤᠯᠭ᠎ᠠ ᠪᠣᠯᠭᠠᠨ᠂ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠣᠳᠣᠬᠠᠨ ᠳᠤ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠦᠬᠦ ᠨᠠᠮ ᠤᠨ ᠭᠡᠰᠢᠭᠦᠨ ᠺᠠᠳ᠋ᠷ ᠡᠷᠬᠡᠪᠰᠢ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠯ ᠰᠠᠬᠢᠯᠭ᠎ᠠ ᠪᠠᠲᠤ ᠶᠢᠨ ᠤᠯᠠᠭᠠᠨ ᠱᠤᠭᠤᠮ ᠪᠣᠯᠬᠤ ᠪᠠᠷ ᠪᠠᠷᠠᠬᠤ ᠦᠭᠡᠢ᠂ ᠨᠡᠩ ᠴᠤ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠠᠵᠢᠯᠯᠠᠭᠠᠨ ᠤ ᠵᠦᠭᠯᠡᠭᠦᠷ ᠮᠦᠨ ᠭᠡᠳᠡᠭ ᠢ ᠴᠢᠬᠤᠯᠠᠴᠢᠯᠡᠵᠡᠢ᠃    ᠬᠤᠷᠠᠯ ᠳᠤ᠂ ᠪᠠᠰᠠ ᠤᠢᠢᠷ᠎ᠠ ᠶᠢᠨ ᠵᠢᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠶᠢᠨ ᠪᠠᠶᠢᠴᠠᠭᠠᠨ ᠰᠢᠢᠳᠪᠦᠷᠢᠯᠡᠭᠰᠡᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠤᠷᠤᠯᠴᠠᠯᠭ᠎ᠠ ᠬᠢᠵᠣ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠭᠦᠨᠵᠡᠭᠡᠢ ᠵᠠᠳᠠᠯᠣᠨ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠡᠷᠡᠭ ᠢᠶᠠᠷ ᠲᠤᠯᠢ ᠪᠣᠯᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠰᠡᠷᠡᠮᠵᠢᠯᠡᠭᠦᠯᠪᠡ᠃    ᠬᠤᠷᠡᠯ ᠤᠨ ᠡᠴᠣᠰ ᠲᠤ᠂ ᠵᠠᠩ ᡁᠢ ᠰᠢᠨ ᠲᠣᠰ ᠤᠳᠠᠭᠠᠨ ᠤ ᠨᠠᠮ ᠤᠨ ᠬᠢᠴᠢᠶᠡᠯ ᠢ ᠰᠤᠷᠤᠯᠴᠠᠨ ᠳ᠋ᠦᠩᠨᠡᠵᠦ᠂ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠲᠠᠢ ᠬᠠᠷᠢᠴᠠᠭᠤᠯᠤᠨ᠂ ︽ᠳᠥᠷᠪᠡᠨ ᠰᠤᠷᠲᠠᠯ︾ ᠤᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠳᠡᠯᠭᠡᠵᠦ᠂ ︽ᠬᠠᠳᠠᠭᠠᠰᠣᠨ︾ ᠤ ᠵᠣᠷᠢᠭ ᠰᠠᠨᠠᠭ᠎ᠠ ᠪᠠᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ     ᠡᠨᠡ ᠤᠳᠠᠭ᠎ᠠ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠳᠤ ᠨᠠᠮ ᠤᠨ ᠭᠡᠰᠢᠭᠦᠨ ᠺᠠᠳ᠋ᠷᠴᠤᠳ ᠤᠨ ᠬᠠᠯᠠᠭᠤᠨ ᠲᠤᠰᠬᠠᠯ ᠭᠠᠷᠴᠠᠢ᠃ ᠤᠯᠠᠨ ᠢᠶᠠᠷ ᠢᠶᠠᠨ᠂  ᠲᠠᠷᠡᠭᠠᠴᠢ ᠪᠠᠷ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠪᠠᠷᠢᠮᠵᠢᠶ᠎ᠠ ᠪᠣᠯᠭᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠪᠠᠷ ᠰᠠᠭᠤᠷᠢ ᠪᠣᠯᠭᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号