ᠬᠠᠢ ᠤᠪᠤᠭᠲᠤ ᠶᠢᠨ ᠴᠠᠭᠠᠰᠤᠨ ᠬᠠᠶᠢᠴᠢᠯᠠᠮᠠᠯ᠄ ᠤᠷᠠᠨ ᠭᠠᠷ ᠬᠠᠶᠢᠴᠢ ᠲᠤᠭᠯᠠᠭᠤᠯᠤᠨ ᠦᠩᠰᠢᠭ ᠠᠮᠢᠳᠤᠷᠠᠯ ᠢᠶᠠᠨ ᠮᠠᠭᠲᠠᠨ ᠳᠠᠭᠤᠯᠠᠨ᠎ᠠ
ᠨᠡᠶᠢᠲᠡᠯᠡᠭᠰᠡᠨ ᠴᠠᠭ᠄
2025/6/19
      ᠬᠢᠩᠭᠠᠨ ᠠᠶᠢᠮᠠᠭ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠥᠨᠢ ᠤᠳᠠᠭᠠᠨ ᠲᠡᠦᠬᠡ ᠲᠠᠢ ᠪᠠᠶᠢᠳᠠᠭ᠂ ᠬᠡᠳᠦᠨ ᠵᠠᠭᠤᠨ ᠵᠢᠯ ᠤᠯᠠᠮᠵᠢᠯᠠᠭᠳᠠᠵᠤ ᠬᠥᠭᠵᠢᠭᠡᠳ ᠠᠭᠠᠵᠢᠮ ᠢᠶᠠᠷ ᠣᠷᠣᠨ ᠪᠦᠰᠡ ᠶᠢᠨ ᠣᠨᠴᠠᠯᠢᠭ ᠲᠠᠢ ᠴᠠᠭᠠᠰᠤᠨ ᠬᠠᠶᠢᠴᠢᠯᠠᠮᠠᠯ ᠤᠨ ᠤᠷᠠᠯᠢᠭ ᠪᠤᠯᠵᠠᠢ᠃ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠲᠤᠬᠠᠶ ᠶᠢᠨ ᠭᠠᠵᠠᠷ ᠤᠨ ᠣᠯᠠᠨ ᠲᠦᠮᠡᠨ ᠴᠠᠭᠠᠰᠤᠨ ᠬᠠᠶᠢᠴᠢᠯᠠᠮᠠᠯ ᠢᠶᠠᠷ ᠠᠮᠢᠳᠤᠷᠠᠯ ᠢᠶᠠᠨ ᠴᠢᠮᠡᠨ᠎ᠠ᠂ ᠭᠠᠯ ᠤᠯᠠᠭᠠᠨ ᠴᠠᠭᠠᠰᠤᠨ ᠬᠠᠶᠢᠴᠢᠯᠠᠮᠠᠯ ᠢ ᠡᠭᠦᠳᠡ ᠴᠣᠩᠬᠤ ᠪᠣᠯᠤᠨ ᠬᠠᠨ᠎ᠠ ᠪᠠᠨ ᠳᠦᠭᠦᠷᠲᠡᠯ᠎ᠡ ᠨᠠᠭᠠᠭᠠᠳ᠂ ᠪᠠᠶᠠᠷ ᠤᠨ ᠡᠳᠦᠷ ᠲᠤ ᠬᠦᠭ ᠨᠡᠮᠡᠳᠡᠭ᠃ ᠡᠯ᠎ᠡ ᠵᠦᠢᠯ ᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠪᠤᠯᠪᠠᠯ ᠴᠠᠭᠠᠰᠤᠨ ᠬᠠᠶᠢᠴᠢᠯᠠᠮᠠᠯ ᠨᠡᠩ ᠴᠤ ᠳᠤᠲᠠᠭᠳᠠᠵᠤ ᠪᠣᠯᠤᠰᠢ ᠦᠭᠡᠢ ᠴᠢᠬᠤᠯᠠ ᠡᠯᠧᠮᠧᠨ᠋ᠲ ᠪᠤᠯᠵᠤ᠂ ᠬᠥᠮᠦᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠵᠥᠩᠨᠡᠯ ᠢ ᠠᠴᠢᠶᠠᠯᠠᠵᠤ ᠪᠠᠶᠢᠳᠠᠭ᠃      ᠬᠠᠢ ᠣᠪᠣᠭᠲᠤ ᠶᠢᠨ ᠴᠠᠭᠠᠰᠤᠨ ᠬᠠᠶᠢᠴᠢᠯᠠᠮᠠᠯ ᠤᠨ ᠭᠤᠷᠪᠠᠳᠤᠭᠠᠷ ᠦᠶ᠎ᠡ ᠶᠢᠨ ᠤᠯᠠᠮᠵᠢᠯᠠᠭᠴᠢ ᠬᠠᠢ ᠶᠢᠨ ᠪᠤᠤ ᠪᠣᠯ ᠬᠢᠩᠭᠠᠨ ᠠᠶᠢᠮᠠᠭ ᠤᠨ ᠴᠠᠭᠠᠰᠤᠨ ᠬᠠᠶᠢᠴᠢᠯᠠᠮᠠᠯ ᠤᠨ ᠤᠷᠲᠤ ᠠᠶᠠᠨ ᠳᠠᠬᠢ ᠴᠢᠬᠤᠯᠠ ᠬᠥᠮᠦᠨ ᠪᠣᠯᠤᠨ᠎ᠠ᠃ ᠬᠠᠢ ᠣᠪᠣᠭᠲᠤ ᠶᠢᠨ ᠴᠠᠭᠠᠰᠤᠨ ᠬᠠᠶᠢᠴᠢᠯᠠᠮᠠᠯ ᠳᠦᠷᠰᠦᠯᠢᠭ ᠪᠣᠳᠠᠲᠠᠢ᠂ ᠤᠷ᠎ᠠ ᠮᠡᠷᠭᠡᠵᠢᠯ ᠨᠢ ᠠᠮᠢᠳᠤᠯᠢᠭ ᠪᠥᠭᠡᠳ ᠬᠤᠪᠢᠷᠠᠯᠲᠠ ᠡᠷᠪᠢᠨ ᠪᠠᠶᠢᠵᠤ᠂ ᠮᠠᠰᠢ ᠠᠷᠪᠢᠨ ᠮᠣᠩᠭᠤᠯ ᠦᠨᠳᠦᠰᠦᠲᠡᠨ ᠤ ᠥᠪᠡᠷᠮᠢᠴᠡ ᠰᠣᠶᠣᠯ ᠤᠨ ᠡᠯᠧᠮᠧᠨ᠋ᠲ ᠢ ᠠᠭᠤᠰᠬᠠᠨ᠂ ᠪᠦᠲᠦᠭᠡᠯ ᠨᠢ ᠮᠠᠰᠢ ᠶᠡᠭᠡ ᠤᠷᠠᠯᠢᠭ ᠤᠨ ᠨᠥᠯᠥᠭᠡᠯᠡᠬᠦ ᠬᠦᠴᠦᠨ ᠲᠠᠢ ᠪᠠᠶᠢᠳᠠᠭ᠃
1.jpg
      ᠬᠠᠢ ᠤᠪᠤᠭᠲᠤ ᠶᠢᠨ ᠴᠠᠭᠠᠰᠤᠨ ᠬᠠᠶᠢᠴᠢᠯᠠᠮᠠᠯ ︽ᠡᠷᠪᠡᠬᠡᠢ ᠴᠡᠴᠡᠭ ᠲᠤ ᠬᠤᠷᠭᠤᠳᠠᠨ᠎ᠠ︾      2024 ᠣᠨ ᠤ 12 ᠰᠠᠷ᠎ᠠ ᠳᠤ᠂ ᠨᠠᠰᠤᠨ ᠤ ᠨᠠᠮᠤᠷ ᠢᠶᠠᠨ ᠤᠭᠲᠤᠭᠰᠠᠨ ᠬᠠᠢ ᠶᠢᠨ ᠪᠤᠤ ᠬᠠᠶ ᠣᠪᠣᠭᠲᠤ ᠶᠢᠨ ᠴᠠᠭᠠᠰᠤᠨ ᠬᠠᠶᠢᠴᠢᠯᠠᠮᠠᠯ ᠤᠨ ᠬᠢᠩᠭᠠᠨ ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠤᠯᠪᠠ᠃      ᠲᠡᠷᠡ ᠤᠭ ᠰᠠᠨᠠᠭ᠎ᠠ ᠪᠠᠨ ᠪᠠᠲᠤ ᠰᠠᠬᠢᠵᠤ᠂ ᠴᠠᠭᠠᠰᠤᠨ ᠬᠠᠶᠢᠴᠢᠯᠠᠮᠠᠯ ᠢᠶᠠᠷ ᠤᠷᠠᠨ ᠭᠠᠷ ᠤᠨ ᠰᠤᠶᠤᠯ ᠢ ᠬᠠᠷᠠᠭᠤᠯᠤᠨ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠬᠦᠭᠵᠢᠨ ᠪᠠᠳᠠᠷᠠᠭᠰᠠᠨ ᠠᠮᠢᠵᠢᠷᠠᠯ ᠤᠨ ᠬᠦᠴᠦᠨ ᠲᠠᠢ ᠪᠤᠯᠭᠠᠪᠠ᠃      ᠬᠠᠷᠠᠬᠠᠨ ᠪᠠᠭ᠎ᠠ ᠠᠴᠠ ᠪᠠᠨ ᠡᠮᠡᠭᠡ ᠡᠵᠢ ᠪᠠᠨ ᠳᠠᠭᠠᠭᠠᠳ ᠴᠠᠭᠠᠰᠤᠨ ᠬᠠᠶᠢᠴᠢᠯᠠᠮᠠᠯ ᠰᠤᠷᠪᠠ      3 ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠤᠯᠠᠭᠠᠨᠬᠤᠲᠠ ᠶᠢᠨ ᠦ᠋ ᠢ ᠵᠡᠭᠡᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠦᠵᠡᠭᠦᠯᠵᠦ ᠣᠶᠢᠯᠠᠭᠠᠬᠤ ᠲᠥᠪ ᠤᠨ ᠬᠠᠢ ᠶᠢᠨ ᠪᠦᠦ ᠶᠢᠨ ᠠᠵᠢᠯᠯᠠᠬᠤ ᠲᠠᠰᠤᠭ ᠲᠤ ᠬᠦᠷᠬᠦ ᠳᠤ ᠠᠷᠪᠢᠨ ᠤᠷᠠᠨ ᠳᠦᠷᠰᠦᠯᠢᠭ ᠴᠠᠭᠠᠰᠤᠨ ᠬᠠᠶᠢᠴᠢᠯᠠᠮᠠᠯ ᠬᠠᠷᠠᠭᠠᠨ ᠳᠤ ᠲᠣᠰᠴᠤ᠂ ᠬᠠᠢ ᠶᠢᠨ ᠪᠦᠦ ᠶᠠᠭ ᠬᠡᠦᠬᠡᠳ ᠤᠳ ᠲᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠨᠠᠷᠢᠠ ᠬᠢᠨᠠᠮᠠᠭᠠᠢ ᠵᠢᠭᠠᠵᠤ ᠪᠠᠶᠢᠯ᠎ᠠ᠃      ︽ᠬᠠᠢ ᠪᠠᠭᠰᠢ ᠶᠢᠨ ᠬᠠᠶᠢᠴᠢᠯᠠᠭᠰᠠᠨ ᠵᠦᠢᠯᠡᠰ ᠲᠤᠩ ᠰᠠᠶᠢᠬᠠᠨ ᠡ᠂ ᠪᠢ ᠰᠤᠷᠤᠶ᠎ᠠ ᠭᠡᠵᠦ ᠤᠨᠴᠠᠭᠠᠢ ᠪᠣᠳᠣᠵᠤ ᠪᠠᠶᠢᠨ᠎ᠠ᠂ ᠬᠤᠵᠢᠮ ᠪᠢ ᠪᠠᠰᠠ ᠡᠶᠢᠮᠦ ᠭᠤᠶᠣ ᠪᠦᠲᠦᠭᠡᠯ ᠬᠠᠶᠢᠴᠢᠯᠠᠵᠤ ᠭᠠᠷᠭᠠᠨ᠎ᠠ︾ ᠭᠡᠵᠦ ᠤᠯᠠᠭᠠᠨᠬᠤᠲᠠ ᠶᠢᠨ ᠬᠢᠩᠭᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠵᠠᠩ ᠰᠢᠨ ᠫᠧᠩ ᠴᠠᠭᠠᠰᠤᠨ ᠬᠠᠶᠢᠴᠢᠯᠠᠮᠠᠯ ᠰᠤᠷᠬᠤ ᠶᠢᠨ ᠳᠠᠭᠠᠤ ᠪᠠᠶᠠᠷᠯᠠᠨ ᠶᠠᠷᠢᠨ᠎ᠠ᠃      ᠬᠠᠢ ᠶᠢᠨ ᠪᠤᠤ ᠳᠤ ᠠᠪᠴᠤ ᠬᠡᠯᠡᠪᠡᠯ᠂ ᠪᠦᠲᠦᠭᠡᠯ ᠭᠠᠷᠭᠠᠬᠤ ᠪᠤᠯ ᠲᠡᠭᠦᠨ ᠤ ᠲᠡᠷᠢᠭᠦᠨ ᠴᠢᠬᠤᠯᠠ ᠶᠠᠪᠤᠳᠠᠯ ᠪᠥᠭᠡᠳ ᠪᠠᠰᠠ ᠠᠮᠢᠳᠤᠷᠠᠯ ᠤᠨ ᠳᠤᠮᠳᠠᠬᠢ ᠵᠤᠭ᠎ᠠ ᠴᠡᠩᠭᠡᠯ ᠨᠢ ᠪᠣᠯᠤᠨ᠎ᠠ᠃ ᠨᠢᠭᠡ ᠲᠠᠰᠤᠯᠭ᠎ᠠ ᠵᠢᠵᠢᠭᠬᠡᠨ ᠦᠷᠦᠭᠡ ᠲᠡᠭᠦᠨ ᠤ ᠪᠥᠲᠥᠭᠡᠯ ᠢᠶᠠᠷ ᠳᠦᠭᠦᠷᠡᠩ᠃ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠴᠠᠭᠠᠰᠤᠨ ᠬᠠᠶᠢᠴᠢᠯᠠᠮᠠᠯ ᠤᠷᠠᠯᠠᠭᠰᠠᠨ ᠡᠳᠦᠷ ᠬᠤᠨᠤᠭ ᠨᠢ ᠤᠪᠤᠭ᠎ᠠ ᠲᠠᠢ ᠳᠠᠪᠬᠤᠷᠯᠠᠵᠤ ᠲᠠᠯᠪᠢᠭᠰᠠᠨ ᠴᠠᠭᠠᠰᠤᠨ ᠬᠠᠶᠢᠴᠢᠯᠠᠮᠠᠯ ᠪᠣᠯᠤᠭᠰᠠᠨ ᠪᠠᠶᠢᠨ᠎ᠠ᠃
2.jpg
      ᠬᠠᠢ ᠶᠢᠨ ᠪᠤᠤ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠨ ᠲᠢᠭᠯᠡᠨ᠎ᠡ      ᠬᠠᠢ ᠶᠢᠨ ᠪᠤᠤ 7 ᠨᠠᠰᠤᠨ᠎ᠠ ᠠᠴᠠ ᠪᠠᠨ ᠴᠠᠭᠠᠰᠤᠨ ᠬᠠᠶᠢᠴᠢᠯᠠᠮᠠᠯ ᠬᠠᠶᠢᠴᠢᠯᠠᠵᠤ ᠡᠬᠢᠯᠡᠵᠡᠢ᠃ ᠬᠠᠷᠠᠬᠠᠨ ᠪᠠᠭ᠎ᠠ ᠠᠴᠠ ᠪᠠᠨ ᠵᠢᠷᠤᠭ ᠵᠢᠷᠤᠬᠤ ᠠᠪᠢᠶᠠᠰ ᠢᠶᠠᠨ ᠢᠯᠡᠷᠡᠭᠦᠯᠵᠤ᠂ ᠦᠷᠭᠦᠯᠵᠢ ᠡᠮᠡᠭᠡ ᠡᠵᠢ ᠪᠠᠨ ᠬᠠᠪᠰᠤᠷᠴᠤ ᠴᠠᠭᠠᠰᠤᠨ ᠬᠠᠶᠢᠴᠢᠯᠠᠮᠠᠯ ᠤᠨ ᠵᠢᠷᠤᠭ ᠢ ᠨᠢ ᠵᠢᠷᠤᠵᠤ ᠥᠭᠳᠡᠭ ᠪᠠᠶᠢᠪᠠ᠃ ᠨᠢᠭᠡ ᠤᠳᠠᠭ᠎ᠠ ᠴᠤᠷᠪᠠᠭ᠎ᠠ ᠶᠢᠨ ᠪᠤᠷᠤ ᠵᠢᠷᠤᠭ ᠵᠢᠷᠤᠬᠤ ᠳᠤ ᠡᠮᠡᠭᠡ ᠡᠵᠢ ᠨᠢ ᠲᠡᠭᠦᠨ ᠤ ᠵᠢᠷᠤᠭᠰᠠᠨ ᠳᠦᠷᠰᠦ ᠬᠡᠯᠪᠡᠷᠢ ᠶᠢ ᠨᠢ ᠳᠠᠭᠠᠭᠠᠳ ᠬᠠᠶᠢᠴᠢᠯᠠᠵᠤ ᠭᠠᠷᠭᠠᠭᠰᠠᠨ ᠳᠤ ᠴᠤᠷᠪᠠᠭ᠎ᠠ ᠨᠢ ᠠᠮᠢᠯᠠᠭᠠᠳ ᠴᠠᠭᠠᠰᠤᠨ ᠳᠡᠭᠡᠷ᠎ᠡ ᠠᠴᠠ ᠦᠰᠦᠷᠦᠨ ᠭᠠᠷᠴᠤ ᠢᠷᠠᠮᠡᠷ ᠰᠠᠨᠠᠭᠳᠠᠪᠠ᠃ ᠡᠨᠡ ᠨᠢ ᠬᠠᠢ ᠶᠢᠨ ᠪᠤᠤ ᠶᠢᠨ ᠠᠶᠤᠤᠯᠢᠬᠠᠢ ᠴᠡᠭᠡᠵᠢᠨ ᠳᠤ ᠮᠠᠷᠳᠠᠭᠳᠠᠰᠢ ᠦᠭᠡᠢ ᠬᠠᠳᠠᠩᠰᠢᠵᠠᠢ᠃      ᠲᠡᠷᠡ ᠬᠦ ᠮᠥᠴᠡ ᠠᠴᠠ ᠡᠬᠢᠯᠡᠨ᠂ ᠬᠠᠢ ᠶᠢᠨ ᠪᠦᠦ ᠴᠠᠭᠠᠰᠤᠨ ᠬᠠᠶᠢᠴᠢᠯᠠᠮᠠᠯ ᠳᠤ ᠶᠠᠭᠠᠬᠢᠬᠤ ᠶᠢᠨ ᠠᠷᠭ᠎ᠠ ᠦᠭᠡᠢ ᠳᠤᠷ᠎ᠠ ᠰᠣᠨᠢᠷᠬᠠᠯ ᠲᠠᠢ ᠪᠣᠯᠵᠤ᠂ ᠡᠮᠡᠭᠡ ᠡᠵᠢ ᠪᠠᠨ ᠰᠠᠯᠤᠯ ᠦᠭᠡᠢ ᠳᠠᠭᠠᠵᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠨᠠᠷᠢᠨ ᠬᠢᠨᠠᠮᠠᠭᠠᠶ ᠰᠤᠷᠤᠯᠴᠠᠵᠤ᠂ ᠬᠤᠵᠢᠮ ᠤᠨ ᠴᠠᠭᠠᠰᠤᠨ ᠬᠠᠶᠢᠴᠢᠯᠠᠮᠠᠯ ᠬᠠᠶᠢᠴᠢᠯᠠᠵᠤ ᠪᠦᠲᠦᠭᠡᠬᠦ ᠵᠠᠮ ᠢᠶᠠᠷ ᠵᠠᠮᠨᠠᠬᠤ ᠳᠤ ᠪᠠᠲᠤ ᠰᠠᠭᠤᠷᠢ ᠪᠠᠨ ᠲᠠᠯᠪᠢᠬᠰᠠᠨ ᠪᠠᠶᠢᠨ᠎ᠠ᠃
3.jpg
      ᠬᠠᠢ ᠤᠪᠤᠭᠲᠤ ᠶᠢᠨ ᠴᠠᠭᠠᠰᠤᠨ ᠬᠠᠶᠢᠴᠢᠯᠠᠮᠠᠯ ︽ᠮᠤᠭᠠᠢ ᠲᠠᠤᠯᠠᠢ ᠶᠢ ᠤᠷᠢᠶᠠᠨ ᠪᠤᠶᠠᠨ ᠬᠡᠰᠢᠭ ᠢᠷᠡᠮᠤᠢ︾      ᠡᠳᠦᠷ ᠬᠤᠨᠤᠭ ᠡᠭᠡᠯᠵᠢᠯᠡᠨ᠂ ᠨᠠᠷᠠ ᠰᠠᠷᠠ ᠡᠷᠬᠢᠯᠳᠦᠭᠰᠡᠭᠡᠷ ᠨᠢᠭᠡ ᠮᠡᠳᠡᠬᠦ ᠳᠤ 40 ᠭᠠᠷᠤᠢ ᠵᠢᠯ ᠢ ᠠᠷᠤ ᠳᠠᠭᠠᠨ ᠤᠷᠬᠢᠯ᠎ᠠ᠂ ᠬᠠᠢ ᠶᠢᠨ ᠪᠤᠤ ᠴᠠᠭᠠᠰᠤᠨ ᠬᠠᠶᠢᠴᠢᠯᠠᠮᠠᠯ ᠢ ᠢᠮᠠᠭᠲᠠ ᠠᠮᠢᠳᠤᠷᠠᠯ ᠳᠠᠭᠠᠨ ᠠᠭᠤᠰᠬᠠᠵᠤ᠂ ᠬᠠᠶᠢᠴᠢᠯᠠᠵᠤ ᠪᠦᠲᠦᠭᠡᠬᠦ ᠪᠠᠨ ᠶᠡᠷᠦ ᠠᠴᠠ ᠲᠠᠰᠤᠯᠳᠠᠭᠤᠯᠤᠭᠰᠠᠨ ᠦᠭᠡᠢ᠃ ᠲᠡᠭᠦᠨ ᠤ ᠠᠮᠢᠳᠤᠷᠠᠯ ᠳᠤ ᠬᠠᠮᠢᠭ᠎ᠠ ᠴᠦ ᠭᠡᠰᠡᠨ ᠴᠠᠭᠠᠰᠤᠨ ᠬᠠᠶᠢᠴᠢᠯᠠᠮᠠᠯ ᠤᠨ ᠤᠯᠠ ᠮᠦᠷ ᠬᠠᠷᠠᠭᠳᠠᠨ᠎ᠠ᠂ ᠦᠵᠡᠮᠵᠢ ᠪᠤᠳᠠᠰ᠂ ᠠᠷᠠᠳ ᠤᠨ ᠵᠠᠩ ᠦᠢᠯᠡ᠂ ᠺᠠᠷᠲ᠋ᠣᠨ ᠵᠢᠷᠤᠭ ᠵᠡᠷᠭᠡ ᠨᠢ ᠪᠦᠷ ᠲᠡᠭᠦᠨ ᠤ ᠵᠣᠬᠢᠶᠠᠨ ᠪᠦᠲᠦᠭᠡᠭᠦ ᠠᠪᠢᠶᠠᠰ ᠪᠢᠯᠢᠭ ᠤᠨ ᠡᠬᠢ ᠪᠤᠯᠠᠭ ᠮᠦᠨ᠃ ᠲᠡᠷᠡ ᠥᠪᠡᠷ ᠤᠨ ᠠᠮᠢᠳᠤᠷᠠᠯ ᠤᠨ ᠲᠤᠬᠠᠢ ᠣᠶᠢᠯᠠᠭᠠᠯᠲᠠ ᠪᠠ ᠥᠪᠡᠷᠮᠢᠴᠡ ᠪᠦᠲᠦᠭᠡᠯᠴᠢ ᠰᠠᠨᠠᠭ᠎ᠠ ᠪᠠᠨ ᠪᠦᠲᠦᠭᠡᠯ ᠨᠢᠭᠡᠪᠦᠷᠢ ᠳᠡᠭᠡᠨ ᠤᠷᠠᠨ ᠢᠶᠠᠷ ᠠᠭᠤᠰᠬᠠᠭᠰᠠᠨ ᠪᠠᠶᠢᠳᠠᠭ᠃      ︽ᠴᠠᠭᠠᠰᠤᠨ ᠬᠠᠶᠢᠴᠢᠯᠠᠮᠠᠯ ᠢ ᠬᠠᠶᠢᠴᠢ ᠪᠠᠷᠢᠭᠠᠳ ᠳᠦᠭᠦᠮᠬᠡᠨ ᠬᠠᠶᠢᠴᠢᠯᠠᠪᠠᠯ ᠭᠠᠷᠭᠠᠴᠢᠬᠠᠳᠠᠭ ᠶᠠᠭᠤᠮ᠎ᠠ ᠪᠢᠰᠢ᠂ ᠲᠡᠭᠦᠨ ᠳᠤ ᠡᠯᠪᠡᠭ ᠤᠯᠠᠮᠵᠢᠯᠠᠯᠲᠤ ᠰᠣᠶᠣᠯ ᠡᠭᠤᠯᠤᠭᠳᠠᠵᠤ ᠪᠠᠶᠢᠨ᠎ᠠ᠃ ᠪᠢ ᠳᠤᠮᠳᠠᠳᠤ ᠤᠯᠤᠰ ᠤᠨ ᠡᠷᠲᠡᠨ ᠤ ᠰᠣᠩᠭᠤᠳᠠᠭ ᠪᠦᠲᠦᠭᠡᠯ ᠢ ᠰᠤᠳᠤᠯᠬᠤ ᠳᠤᠷᠠᠲᠠᠢ᠂ ᠠᠮᠢᠳᠤᠷᠠᠯ ᠤᠨ ᠳᠤᠮᠳᠠᠬᠢ ᠵᠢᠵᠢᠭ ᠰᠠᠵᠢᠭ ᠵᠦᠢᠯ ᠪᠠ ᠣᠳᠣᠬᠠᠨ ᠤ ᠥᠪᠡᠷᠮᠢᠴᠡ ᠪᠦᠲᠦᠭᠡᠯᠴᠢ ᠰᠠᠨᠠᠭ᠎ᠠ ᠪᠠ ᠦᠵᠡᠯᠲᠡ ᠪᠠᠨ ᠠᠭᠤᠰᠬᠠᠵᠤ᠂ ᠤᠮᠠᠷᠠᠲᠤ ᠬᠢᠯᠢ ᠶᠢᠨ ᠰᠣᠶᠣᠯ ᠤᠨ ᠭᠡᠷᠡᠯ ᠭᠢᠯᠪᠠᠭ᠎ᠠ ᠶᠢ ᠴᠠᠭᠠᠰᠤᠨ ᠳᠡᠭᠡᠷ᠎ᠡ ᠭᠡᠷᠡᠯᠲᠦᠭᠦᠯᠦᠨ᠎ᠡ︾ ᠭᠡᠵᠦ ᠬᠠᠢ ᠶᠢᠨ ᠪᠦᠦ ᠬᠡᠯᠡᠪᠡ᠃      ᠰᠢᠯᠢᠳᠡᠭ ᠢ ᠨᠢ ᠰᠢᠩᠭᠡᠭᠡᠭᠡᠳ ᠠᠮᠵᠢᠯᠲᠠ ᠪᠦᠲᠦᠮᠵᠢ ᠤᠯᠪᠠ      ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠳᠡᠭᠡᠭᠰᠢᠯᠡᠭᠦᠯᠬᠦ ᠶᠢᠨ ᠲᠥᠯᠥᠭᠡ᠂ ᠬᠠᠢ ᠶᠢᠨ ᠪᠤᠤ ᠭᠠᠳᠠᠨ᠎ᠠ ᠤᠷᠤᠨ ᠢᠶᠠᠷ ᠶᠠᠪᠤᠵᠤ ᠰᠤᠷᠤᠯᠴᠠᠨ᠂ ᠴᠠᠭᠠᠰᠤᠨ ᠬᠠᠶᠢᠴᠢᠯᠠᠮᠠᠯ ᠬᠠᠶᠢᠴᠢᠯᠠᠬᠤ ᠪᠠᠨ ᠶᠠᠷᠦ ᠨᠢ ᠵᠤᠭᠰᠤᠭᠰᠠᠨ ᠦᠭᠡᠢ᠃ ᠠᠭᠠᠵᠢᠮ ᠢᠶᠠᠷ ᠲᠡᠷᠡ ᠰᠠᠨᠠᠭ᠎ᠠ ᠤᠨᠤᠭ᠎ᠠ ᠨᠡᠶᠢᠯᠡᠭᠰᠡᠨ ᠤᠯᠠᠨ ᠬᠥᠮᠦᠨ ᠲᠠᠢ ᠲᠠᠨᠢᠯᠴᠠᠨ᠂ ᠡᠮᠦᠨᠡᠲᠦ ᠤᠮᠠᠷᠠᠲᠤ ‍ᠤᠷᠤᠨ ᠤ ᠣᠷᠣᠨ ᠪᠦ᠋ᠰᠡ ᠶᠢᠨ ᠰᠣᠶᠣᠯ ᠤᠨ ᠵᠥᠷᠢᠶ᠎ᠡ ᠠᠴᠠ ᠪᠣᠯᠵᠤ᠂ ᠴᠠᠭᠠᠰᠤᠨ ᠬᠠᠶᠢᠴᠢᠯᠠᠮᠠᠯ ᠤᠨ ᠠᠷᠭ᠎ᠠ ᠮᠡᠷᠭᠡᠵᠢᠯ ᠨᠢ ᠴᠦ ᠮᠠᠰᠢ ᠶᠡᠭᠡ ᠢᠯᠭᠠᠭ᠎ᠠ ᠲᠠᠢ ᠪᠠᠶᠢᠬᠤ ᠶᠢ ᠣᠯᠵᠤ ᠮᠡᠳᠡᠪᠡ᠂ ᠲᠡᠭᠡᠭᠡᠳ ᠬᠠᠢ ᠣᠪᠣᠭᠲᠤ ᠶᠢᠨ ᠴᠠᠭᠠᠰᠤᠨ ᠬᠠᠶᠢᠴᠢᠯᠠᠮᠠᠯ ᠢ ᠤᠯᠠᠮᠵᠢᠯᠠᠬᠤ ᠨᠢ ᠲᠡᠭᠦᠨ ᠤ ᠨᠢᠭᠡ ᠨᠠᠰᠤᠨ ᠤ ᠬᠥᠭᠡᠭᠡᠴᠡᠯᠳᠦᠯ ᠪᠣᠯᠤᠭᠰᠠᠨ ᠪᠠᠶᠢᠨ᠎ᠠ᠃
4.jpg
     ᠬᠠᠢ ᠣᠪᠣᠭᠲᠤ ᠶᠢᠨ ᠴᠠᠭᠠᠰᠤᠨ ᠬᠠᠶᠢᠴᠢᠯᠠᠮᠠᠯ ︽ᠳᠥᠷᠪᠡᠨ ᠤᠯᠠᠷᠢᠯ ᠡᠶᠡᠪᠡᠷᠬᠦᠦ ᠤᠨ ᠤᠨ ᠤᠯᠵᠠ ᠲᠠᠢ︾      ︽ᠡᠮᠦᠨᠡᠲᠦ ᠣᠷᠣᠨ ᠤ ᠴᠠᠭᠠᠰᠤᠨ ᠬᠠᠶᠢᠴᠢᠯᠠᠮᠠᠯ ᠨᠠᠷᠢᠯᠢᠭ ᠡᠪᠲᠡᠢ᠂ ᠨᠠᠷᠢᠨ ᠵᠦᠢᠯᠡᠰ ᠤᠨ ᠰᠡᠶᠢᠯᠦᠮᠡᠯ ᠢ ᠠᠩᠬᠠᠷᠬᠤ ᠳᠤ ᠤᠮᠠᠷᠠᠲᠤ  ᠣᠷᠣᠨ ᠤ ᠴᠠᠭᠠᠰᠤᠨ ᠬᠠᠶᠢᠴᠢᠯᠠᠮᠠᠯ ᠰᠦᠷ ᠪᠠᠳᠠᠷᠠᠭᠤᠨ ᠪᠠᠶᠢᠬᠤ ᠶᠢ ᠨᠡᠩ ᠴᠢᠬᠤᠯᠠᠴᠢᠯᠠᠨ᠎ᠠ︾ ᠭᠡᠵᠦ ᠬᠠᠢ ᠶᠢᠨ ᠪᠣᠣ ᠬᠡᠯᠡᠪᠡ᠃ ᠡᠳᠡᠭᠡᠷ ᠢᠯᠭᠠᠭ᠎ᠠ ᠨᠢ ᠲᠡᠭᠦᠨ ᠤ ᠬᠠᠷᠠᠭ᠎ᠠ ᠶᠢ ᠥᠷᠭᠡᠳᠭᠡᠵᠦ᠂ ᠵᠤᠬᠢᠶᠠᠨ ᠪᠦᠲᠦᠭᠡᠯᠭᠡ ᠶᠢᠨ ᠪᠢᠯᠢᠭ ᠢ ᠨᠢ ᠨᠡᠭᠡᠭᠡᠵᠡᠢ᠃      ᠬᠠᠢ ᠶᠢᠨ ᠪᠤᠤ ᠡᠳᠡᠭᠡᠷ ᠢᠯᠭᠠᠭ᠎ᠠ ᠶᠢ ᠰᠣᠬᠤᠷ ᠪᠠᠯᠠᠢ ᠪᠠᠷ ᠳᠠᠭᠤᠷᠢᠶᠠᠭᠰᠠᠨ ᠦᠭᠡᠢ᠂ ᠬᠠᠷᠢᠨ ᠬᠠᠢ ᠤᠪᠤᠭᠲᠤ ᠶᠢᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠤᠯᠠᠮᠵᠢᠯᠠᠬᠤ ᠶᠢ ᠡᠷᠡᠰ ᠰᠢᠭᠤᠷᠬᠠᠢ ᠰᠣᠩᠭᠤᠭᠰᠠᠨ ᠪᠠᠶᠢᠳᠠᠭ᠃ ᠬᠠᠢ ᠤᠪᠤᠭᠲᠤ ᠶᠢᠨ ᠴᠠᠭᠠᠰᠤᠨ ᠬᠠᠶᠢᠴᠢᠯᠠᠮᠠᠯ ᠪᠣᠯ ᠬᠢᠩᠭᠠᠨ ᠠᠶᠢᠮᠠᠭ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠨᠤᠲᠤᠭ ᠤᠰᠤᠨ ᠤ ᠰᠣᠶᠣᠯ ᠪᠣᠯᠤᠨ ᠲᠡᠦᠬᠡ ᠶᠢ ᠠᠴᠢᠶᠠᠯᠠᠵᠤ ᠪᠠᠶᠢᠬᠤ ᠶᠢ ᠲᠡᠷᠡ ᠭᠦᠨᠵᠡᠭᠡᠢ ᠮᠡᠳᠡᠨ᠎ᠡ᠃ ᠬᠠᠢ ᠶᠢᠨ ᠪᠤᠤ ᠥᠪᠡᠷ ᠤᠨ ᠴᠢᠷᠮᠠᠶᠢᠯᠭ᠎ᠠ ᠪᠠᠷ ᠢᠶᠠᠨ ᠡᠨᠡ ᠬᠦ ᠡᠷᠲᠡᠨ ᠤ ᠤᠷ᠎ᠠ ᠮᠡᠷᠭᠡᠵᠢᠯ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠪᠠᠷ ᠵᠣᠷᠢᠭ ᠰᠢᠭᠤᠳᠪᠠ᠃      ᠬᠠᠢ ᠶᠢᠨ ᠪᠤᠤ ᠬᠡᠳᠦᠨ ᠠᠷᠪᠠᠨ ᠵᠢᠯ ᠳᠤᠷ᠎ᠠ ᠪᠠᠬ᠎ᠠ ᠳᠠᠭᠠᠨ ᠬᠦᠲᠦᠯᠦᠭᠳᠡᠨ᠂ ᠰᠢᠨᠲᠠᠷᠠᠰᠢ ᠦᠭᠡᠢ ᠵᠢᠳᠭᠦᠵᠦ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠵᠠᠮ ᠳᠡᠭᠡᠷ᠎ᠡ ᠣᠮᠣᠭᠰᠢᠭᠤᠰᠢᠲᠠᠢ ᠠᠮᠵᠢᠯᠲᠠ ᠪᠦᠲᠦᠮᠵᠢ ᠭᠠᠷᠭᠠᠵᠠᠢ᠃ ᠲᠡᠷᠡ ᠣᠷᠣᠨ ᠤ ᠳᠣᠲᠣᠷ᠎ᠠ ᠭᠠᠳᠠᠨᠠᠬᠢ ᠴᠠᠭᠠᠰᠤᠨ ᠬᠠᠶᠢᠴᠢᠯᠠᠮᠠᠯ ᠤᠨ ᠤᠷᠤᠯᠳᠤᠭᠠᠨ ᠳᠤ ᠣᠯᠠᠨᠲᠠ ᠣᠷᠣᠯᠴᠠᠭᠠᠳ ᠰᠢᠯᠢᠳᠡᠭ ᠬᠢᠷᠢ ᠪᠦᠲᠦᠮᠵᠢ ᠣᠯᠵᠤ᠂ ᠴᠠᠭᠠᠰᠤᠨ ᠬᠠᠶᠢᠴᠢᠯᠠᠮᠠᠯ ᠨᠢ ᠪᠠᠰᠠ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠳᠤ ᠳᠡᠯᠭᠡᠭᠳᠡᠭᠰᠡᠨ ᠪᠠᠶᠢᠳᠠᠭ᠃ ᠢᠷᠠᠭᠤ ᠠᠯᠳᠠᠷ ᠪᠣᠯ ᠬᠠᠢ ᠶᠢᠨ ᠪᠤᠤ ᠶᠢᠨ ᠤᠷ᠎ᠠ ᠮᠡᠷᠭᠡᠵᠢᠯ ᠢ ᠨᠤᠲᠠᠯᠠᠵᠤ ᠪᠠᠶᠢᠭ᠎ᠠ ᠶᠠᠪᠤᠳᠠᠯ ᠮᠥᠨ᠂ ᠨᠡᠩ ᠴᠤ ᠲᠡᠭᠦᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠦᠭᠰᠡᠨ ᠣᠶᠢᠯᠡ ᠠᠵᠢᠯᠯᠠᠭ᠎ᠠ ᠶᠢ ᠮᠠᠭᠲᠠᠨ ᠰᠠᠶᠢᠰᠢᠶᠠᠬᠰᠠᠨ ᠶᠠᠪᠤᠳᠠᠯ ᠪᠤᠯᠤᠨ᠎ᠠ᠃      ᠡᠨᠡ ᠵᠢᠯ ᠤᠨ 3 ᠰᠠᠷ᠎ᠠ ᠶᠢᠨ 21 ᠤ ᠡᠳᠦᠷ ᠤᠯᠠᠭᠠᠨᠬᠤᠲᠠ ᠶᠢᠨ ᠰᠣᠶᠣᠯ ᠤᠨ ᠣᠷᠳᠣᠨ ᠤ ᠡᠷᠬᠢᠯᠡᠭᠰᠡᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠴᠠᠭᠠᠰᠤᠨ ᠬᠠᠶᠢᠴᠢᠯᠠᠮᠠᠯ ᠤᠨ ᠦᠵᠡᠰᠭᠦᠯᠡᠩ ᠳᠡᠭᠡᠷ᠎ᠡ ︽ᠠᠭᠤᠯᠠ ᠤᠰᠤ ᠲᠠᠢ ᠵᠠᠯᠭᠠᠯᠳᠤᠵᠤ᠂ ᠬᠢᠩᠭᠠᠨ ᠲᠠᠢ ᠬᠤᠯᠪᠤᠭᠠᠯᠠᠨᠠᠮ︾ ᠭᠡᠬᠦ ᠲᠣᠮᠣ ᠴᠠᠭᠠᠰᠤᠨ ᠬᠠᠶᠢᠴᠢᠯᠠᠮᠠᠯ ᠨᠢ ᠣᠯᠠᠨ ᠤ ᠠᠩᠬᠠᠷᠤᠯ ᠢ ᠡᠷᠬᠡ ᠦᠭᠡᠢ ᠲᠠᠲᠠᠪᠠ᠃ ᠡᠨᠡ ᠬᠦ ᠪᠦᠲᠦᠭᠡᠯ ᠢ ᠬᠠᠢ ᠶᠢᠨ ᠪᠤᠤ ᠨᠢᠭᠡ ᠵᠢᠯ ᠵᠠᠷᠤᠴᠠᠭᠤᠯᠤᠨ ᠬᠠᠶᠢᠴᠢᠯᠠᠵᠦ ᠭᠠᠷᠭᠠᠵᠠᠢ᠂ ᠤᠷᠲᠤ ᠨᠢ 15 ᠮᠧᠲᠷ᠂ ᠥᠨᠳᠥᠷ ᠨᠢ 1 ᠮᠧᠲᠷ᠂ ᠴᠠᠭᠠᠰᠤᠨ ᠬᠠᠶᠢᠴᠢᠯᠠᠮᠠᠯ ᠲᠤᠲᠤᠷᠠᠬᠢ ᠠᠤᠭ᠎ᠠ ᠪᠦᠲᠦᠭᠡᠯ ᠭᠡᠵᠦ ᠬᠡᠯᠡᠵᠦ ᠪᠤᠯᠤᠨ᠎ᠠ᠃      ᠵᠣᠬᠢᠶᠠᠨ ᠪᠦᠲᠦᠭᠡᠬᠦ ᠶᠠᠪᠤᠴᠠ ᠳᠤ᠂ ᠬᠠᠢ ᠶᠢᠨ ᠪᠦᠦ ᠬᠠᠶ ᠣᠪᠣᠭᠲᠤ ᠶᠢᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠡᠪᠲᠠᠢ ᠬᠡᠷᠡᠭᠯᠡᠨ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠤᠬᠠᠭᠤᠯᠭ᠎ᠠ ᠶᠢᠨ ᠦᠭᠡ ᠲᠠᠢ ᠤᠶᠠᠯᠳᠤᠭᠤᠯᠤᠭᠠᠳ᠂ ᠬᠢᠩᠭᠠᠨ ᠠᠶᠢᠮᠠᠬ ᠤᠨ 6 ᠬᠤᠰᠢᠭᠤ ᠰᠢᠶᠠᠨ ᠬᠤᠲᠠ ᠶᠢᠨ ᠭᠤᠶᠣ ᠦᠵᠡᠮᠵᠢ᠂ ᠬᠤᠪᠢᠰᠬᠠᠯ ᠤᠨ ᠲᠠᠯᠠᠪᠤᠷ ᠣᠷᠳᠣᠨ ᠵᠢᠴᠢ ᠪᠠᠶᠠᠯᠢᠬ ᠲᠡᠤᠬᠡ ᠶᠢᠨ ᠪᠠᠭᠤᠷᠢ ᠶᠢ ᠠᠮᠢᠳᠤᠯᠢᠭ ᠢᠶᠠᠷ ᠢᠯᠡᠷᠡᠭᠦᠯᠵᠦ᠂ ᠪᠦᠲᠦᠭᠡᠯ ᠨᠢ ᠬᠤᠷᠴᠠ ᠲᠤᠳᠤ ᠪᠣᠰᠤᠭ᠎ᠠ ᠴᠣᠭᠴᠠᠲᠤ ᠲᠦᠷᠦᠭᠳᠡᠯ ᠦᠭᠭᠦᠨ᠎ᠡ᠃
5.jpg
      ᠬᠠᠢ ᠣᠪᠣᠭᠲᠤ ᠶᠢᠨ ᠴᠠᠭᠠᠰᠤᠨ ᠬᠠᠶᠢᠴᠢᠯᠠᠮᠠᠯ ︽ᠵᠢᠪᠬᠤᠭ᠎ᠠ ᠲᠡᠭᠦᠯᠳᠡᠷ ᠳᠤᠮᠳᠠᠳᠤ ᠤᠯᠤᠰ ᠤᠨ ᠬᠦᠴᠦᠨ︾      ︽ᠴᠠᠭᠠᠰᠤᠨ ᠬᠠᠶᠢᠴᠢᠯᠠᠮᠠᠯ ᠳᠠᠭᠠᠨ ᠪᠢ ᠬᠢᠩᠭᠠᠨ ᠠᠶᠢᠮᠠᠭ ᠤᠨ ᠬᠥᠬᠡᠮᠳᠦᠭ ᠨᠣᠭᠤᠭᠠᠨ ᠠᠭᠤᠯᠠ ᠤᠰᠤ ᠪᠣᠯᠤᠨ ᠪᠠᠶᠠᠯᠢᠭ ᠰᠣᠶᠣᠯ ᠢᠷᠭᠡᠨᠰᠢᠯ ᠢ ᠠᠭᠤᠰᠬᠠᠬᠤ ᠪᠠᠷ ᠪᠤᠳᠤᠯ᠎ᠠ᠂ ᠡᠨᠡ ᠪᠦᠲᠦᠭᠡᠯ ᠨᠤᠲᠤᠭ ᠤᠰᠤ ᠪᠠᠨ ᠬᠠᠶᠢᠷᠠᠯᠠᠬᠤ ᠭᠦᠨᠵᠠᠭᠡᠢ ᠵᠤᠵᠠᠭᠠᠨ ᠬᠠᠶᠢᠷ᠎ᠠ ᠰᠡᠳᠭᠢᠯᠭᠡ ᠪᠠ ᠬᠦᠰᠡᠯ ᠵᠥᠩᠨᠡᠯ ᠢ ᠮᠢᠨᠢ ᠠᠴᠢᠶᠠᠯᠠᠵᠤ ᠪᠠᠶᠢᠨ᠎ᠠ︾ ᠭᠡᠵᠦ ᠬᠠᠢ ᠶᠢᠨ ᠪᠤᠤ ᠵᠤᠬᠢᠶᠠᠨ ᠪᠦᠲᠦᠭᠡᠭᠰᠡᠨ ᠵᠤᠷᠢᠯᠭ᠎ᠠ ᠶᠢᠨ ᠢᠶᠠᠨ ᠲᠤᠬᠠᠢ ᠬᠡᠯᠡᠭᠰᠡᠨ ᠪᠠᠶᠢᠨ᠎ᠠ᠃ ᠲᠤᠰ ᠪᠦᠲᠦᠭᠡᠯ ᠤᠯᠠᠮᠵᠢᠯᠠᠯᠲᠤ ᠬᠠᠢ ᠣᠪᠣᠭᠲᠤ ᠶᠢᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠬᠡᠷᠡᠭᠯᠡᠭᠰᠡᠨ ᠢᠶᠠᠷ ᠪᠠᠷᠠᠬᠤ ᠦᠭᠡᠢ᠂ ᠪᠠᠰᠠ ᠣᠳᠣ ᠦᠶ᠎ᠡ ᠶᠢᠨ ᠡᠯᠧᠮᠧᠨ᠋ᠲ ᠢ ᠣᠷᠣᠭᠤᠯᠵᠤ᠂ ᠤᠯᠠᠮᠵᠢᠯᠠᠯᠲᠤ ᠰᠣᠶᠣᠯ ᠤᠨ ᠠᠭᠤᠯᠤᠭᠳᠠᠬᠤᠨ ᠲᠠᠢ ᠪᠦᠭᠡᠳ ᠪᠠᠰᠠ ᠣᠳᠣ ᠦᠶ᠎ᠡ ᠶᠢᠨ ᠬᠥᠮᠦᠰ ᠤᠨ ᠭᠤᠸ᠎ᠠ ᠰᠠᠶᠢᠬᠠᠨ ᠤ ᠬᠡᠷᠡᠭᠴᠡᠭᠡ ᠳᠤ ᠨᠡᠶᠢᠴᠡᠭᠰᠡᠨ ᠪᠠᠶᠢᠨ᠎ᠠ᠃      ᠭᠤᠶᠠᠴᠢ ᠦᠭᠡᠢ ᠵᠢᠳᠬᠦᠨ ᠤᠯᠠᠮᠵᠢᠯᠠᠭᠴᠢ ᠬᠦᠮᠦᠵᠢᠭᠦᠯᠪᠡ      ᠬᠠᠢ ᠶᠢᠨ ᠪᠤᠤ ᠶᠢᠨ ᠦᠵᠡᠬᠦ ᠪᠠᠷ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠤᠷᠳᠤ ᠤᠳᠠᠭᠠᠨ ᠤᠯᠠᠮᠵᠢᠯᠠᠬᠤ ᠳᠤ ᠡᠷᠬᠡᠪᠰᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠲᠠᠰᠤᠷᠠᠯᠳᠠ ᠦᠭᠡᠢ ᠰᠢᠨ᠎ᠡ ᠶᠢ ᠡᠭᠦᠳᠦᠨ᠂ ᠤᠯᠠᠮᠵᠢᠯᠠᠯᠲᠤ ᠰᠣᠶᠣᠯ ᠢ ᠤᠳᠤ ᠦᠶ᠎ᠡ ᠶᠢᠨ ᠠᠮᠢᠳᠤᠷᠠᠯ ᠳᠤ ᠠᠭᠤᠰᠬᠠᠪᠠᠯ ᠰᠠᠶ᠋ᠢ ᠨᠡᠩ ᠠᠷᠪᠢᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠳᠡᠶᠢᠯᠦᠨ᠎ᠡ᠃      ᠨᠡᠩ ᠣᠯᠠᠨ ᠬᠥᠮᠦᠨ ᠳᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠣᠶᠢᠯᠠᠭᠠᠭᠤᠯᠵᠤ ᠤᠯᠠᠮᠵᠢᠯᠠᠬᠤ ᠶᠢᠨ ᠲᠥᠯᠥᠭᠡ᠂ ᠬᠠᠢ ᠶᠢᠨ ᠪᠤᠤ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ ᠡᠯ᠎ᠡ ᠬᠦᠷᠢᠶᠡᠨ ᠳᠤ ᠢᠳᠡᠪᠬᠢᠲᠡᠢ ᠭᠦᠨᠵᠡᠭᠡᠶᠢᠷᠡᠨ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠵᠢᠯᠣᠭᠤᠳᠤᠭᠴᠢ ᠪᠠᠭᠰᠢ ᠪᠤᠯᠵᠤ᠂ ᠦᠨ᠎ᠡ ᠲᠦᠯᠦᠪᠦᠷᠢ ᠦᠭᠡᠢ ᠵᠢᠭᠠᠨ ᠰᠤᠷᠭᠠᠵᠤ ᠶᠠᠪᠤᠨ᠎ᠠ᠃      ᠬᠠᠢ ᠶᠢᠨ ᠪᠤᠤ ᠬᠢᠴᠢᠶᠡᠯ ᠣᠷᠣᠬᠤ ᠳᠠᠭᠠᠨ ᠰᠤᠷᠤᠭᠴᠢᠳ ᠢ ᠬᠦᠯᠢᠴᠡᠩᠭᠦᠢ ᠵᠢᠭᠠᠨ ᠵᠢᠯᠣᠭᠤᠳᠳᠠᠭ᠃ ᠲᠡᠭᠦᠨ ᠤ ᠰᠤᠷᠤᠭᠴᠢ ᠵᠠᠩ ᠶᠧ ᠨᠠᠨ᠄ ︽ᠰᠤᠷᠬᠤ ᠳᠤᠷᠠᠲᠠᠶ ᠬᠦᠮᠦᠨ ᠪᠠᠶᠢᠳᠠᠭ ᠯᠠ ᠶᠤᠮ ᠪᠣᠯ ᠬᠠᠶ ᠪᠠᠭᠰᠢ ᠡᠷᠳᠡᠮ ᠢᠶᠠᠨ ᠬᠠᠷᠠᠮᠨᠠᠬᠤ ᠦᠭᠡᠢ ᠵᠢᠭᠠᠵᠦ ᠦᠭᠭᠦᠨ᠎ᠡ᠃ ᠵᠠᠷᠢᠮ ᠳᠠᠭᠠᠨ ᠮᠠᠨ ᠤ ᠠᠷᠭ᠎ᠠ ᠮᠡᠷᠭᠡᠵᠢᠯ ᠪᠤᠷᠤᠭᠤᠳᠠᠬᠤ ᠦᠶ᠎ᠡ ᠳᠤ ᠳᠠᠬᠢᠨ ᠳᠠᠪᠲᠠᠨ ᠵᠠᠯᠠᠷᠠᠭᠤᠯᠤᠨ᠎ᠠ᠂ ᠬᠠᠶ ᠪᠠᠭᠰᠢ ᠶᠡᠷᠦ ᠠᠭᠤᠷᠯᠠᠳᠠᠭ ᠦᠭᠡᠢ᠂ ᠲᠡᠭᠦᠨ ᠤ ᠬᠡᠯᠡᠬᠦ ᠪᠠᠷ ᠡᠶᠢᠮᠦ ᠬᠤᠪᠤᠷ ᠨᠠᠨᠳᠢᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠵᠠᠯᠭᠠᠮᠵᠢᠯᠠᠬᠤ ᠬᠥᠮᠦᠨ ᠪᠠᠶᠢᠬᠤ ᠬᠡᠷᠡᠭᠲᠡᠢ ᠭᠡᠨ᠎ᠡ︾ ᠭᠡᠵᠦ ᠬᠡᠯᠡᠵᠦ ᠪᠠᠶᠢᠯ᠎ᠠ᠃      ᠨᠡᠶᠢᠭᠡᠮ ᠲᠣᠭᠤᠷᠢᠭ ᠤᠨ ᠠᠵᠢᠯᠯᠠᠭᠠᠨ ᠤ ᠲᠥᠪ ᠲᠤ ᠴᠤ ᠲᠡᠷᠡ᠂ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠴᠦ ᠲᠡᠷᠡ᠂ ᠬᠠᠢ ᠶᠢᠨ ᠪᠦᠦ ᠵᠢᠭᠠᠨ ᠰᠤᠷᠭᠠᠯᠲᠠ ᠪᠠᠷ ᠳᠠᠮᠵᠢᠨ᠂ ᠠᠭᠠᠵᠢᠮ ᠢᠶᠠᠷ ᠤᠯᠠᠨ ᠳᠤ ᠴᠠᠭᠠᠰᠤᠨ ᠬᠠᠶᠢᠴᠢᠯᠠᠮᠠᠯ ᠢ ᠣᠶᠢᠯᠠᠭᠠᠭᠤᠯᠵᠤ᠂ ᠴᠠᠭᠠᠰᠤᠨ ᠬᠠᠶᠢᠴᠢᠯᠠᠮᠠᠯ ᠳᠤ ᠳᠤᠷ᠎ᠠ ᠪᠠᠬ᠎ᠠ ᠲᠠᠢ ᠪᠤᠯᠭᠠᠨ᠂ ᠴᠠᠭᠠᠰᠤᠨ ᠬᠠᠶᠢᠴᠢᠯᠠᠮᠠᠯ ᠢ ᠤᠯᠠᠮᠵᠢᠯᠠᠵᠤ ᠪᠠᠶᠢᠨ᠎ᠠ᠃
6.jpg
      ᠬᠠᠢ ᠤᠪᠤᠭᠲᠤ ᠶᠢᠨ ᠴᠠᠭᠠᠰᠤᠨ ᠬᠠᠶᠢᠴᠢᠯᠠᠮᠠᠯ ︽ᠤᠮᠠᠷᠠᠲᠤ ᠬᠢᠯᠢ ᠶᠢᠨ ᠰᠣᠶᠣᠯ︾      ᠬᠠᠢ ᠶᠢᠨ ᠪᠤᠤ ᠶᠢᠨ ᠭᠤᠶᠠᠴᠢ ᠦᠭᠡᠢ ᠵᠢᠳᠭᠦᠯ ᠪᠠ ᠨᠠᠷᠢᠨ ᠨᠢᠮᠪᠠᠢ ᠵᠢᠯᠣᠭᠤᠳᠤᠯᠭ᠎ᠠ ᠨᠢ ᠦᠯᠡᠮᠵᠢ ᠦᠷ᠎ᠡ ᠪᠦᠲᠦᠮᠵᠢ ᠤᠯᠵᠠᠢ᠃ ᠣᠳᠣ ᠲᠡᠭᠦᠨ ᠤ ᠮᠠᠰᠢ ᠣᠯᠠᠨ ᠰᠤᠷᠤᠭᠴᠢ ᠨᠢ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠠᠯ᠎ᠠ ᠪᠠᠷ ᠢᠯᠡᠳᠲᠡ ᠳᠠᠪᠰᠢᠯᠲᠠ ᠲᠠᠢ ᠪᠣᠯᠵᠤ᠂ ᠵᠠᠷᠢᠮ ᠱᠠᠪᠢ ᠨᠢ ᠪᠠᠰᠠ ᠤᠯᠠᠮᠵᠢᠯᠠᠭᠴᠢ ᠶᠢᠨ ᠬᠢᠷᠢ ᠬᠡᠮ ᠣᠯᠵᠤ᠂ ᠴᠠᠭᠠᠰᠤᠨ ᠬᠠᠶᠢᠴᠢᠯᠠᠮᠠᠯ ᠤᠨ ᠤᠷᠠᠯᠢᠭ ᠢ ᠤᠯᠠᠮᠵᠢᠯᠠᠬᠤ ᠰᠢᠨ᠎ᠡ ᠬᠦᠴᠦᠨ ᠪᠣᠯᠤᠭᠰᠠᠨ ᠪᠠᠶᠢᠨ᠎ᠠ᠃ ᠪᠠᠰᠠ ᠵᠠᠷᠢᠮ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠴᠠᠭᠠᠰᠤᠨ ᠬᠠᠶᠢᠴᠢᠯᠠᠮᠠᠯ ᠰᠤᠷᠴᠤ᠂ ᠨᠢᠭᠡ ᠵᠦᠢᠯ ᠤᠨ ᠭᠠᠷ ᠤᠷᠠᠯᠠᠯ ᠢ ᠡᠵᠡᠮᠰᠢᠭᠡᠳ᠂ ᠣᠷᠣᠯᠭ᠎ᠠ ᠪᠠᠨ ᠨᠡᠮᠡᠭᠳᠡᠭᠦᠯᠵᠦ ᠠᠮᠢᠳᠤᠷᠠᠯ ᠢᠶᠠᠨ ᠰᠠᠶᠢᠵᠢᠷᠠᠭᠤᠯᠵᠠᠶ᠃︽ᠡᠳᠡᠭᠡᠷ ᠵᠢᠯ ᠤᠳ ᠲᠤ ᠪᠢ ᠮᠠᠰᠢ ᠣᠯᠠᠨ ᠰᠤᠷᠤᠭᠴᠢ ᠶᠢ ᠳᠠᠭᠠᠭᠤᠯᠵᠤ ᠰᠤᠷᠭᠠᠯ᠎ᠠ᠂ ᠲᠡᠳᠡᠨ ᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠠᠯ᠎ᠠ ᠪᠠᠷ ᠠᠮᠵᠢᠯᠲᠠ ᠪᠦᠲᠦᠮᠵᠢ ᠣᠯᠤᠭᠰᠠᠨ ᠢ ᠦᠵᠡᠭᠡᠳ ᠰᠡᠳᠬᠢᠯ ᠤᠨ ᠤᠭ ᠠᠴᠠ ᠪᠠᠨ ᠪᠠᠶᠠᠷᠯᠠᠵᠤ ᠪᠠᠶᠢᠨ᠎ᠠ︾ ᠭᠡᠵᠦ ᠬᠠᠢ ᠶᠢᠨ ᠪᠤᠤ ᠶᠠᠷᠢᠵᠦ ᠪᠠᠶᠢᠯ᠎ᠠ᠃ ᠬᠠᠢ ᠶᠢᠨ ᠪᠤᠤ ᠶᠢᠨ ᠦᠵᠡᠬᠦ ᠪᠠᠷ᠂ ᠲᠡᠭᠦᠨ ᠤ ᠴᠢᠷᠮᠠᠶᠢᠯᠭ᠎ᠠ ᠲᠠᠯᠠᠭᠠᠷ ᠪᠣᠯᠤᠭᠰᠠᠨ ᠦᠭᠡᠢ᠂ ᠨᠠᠩ ᠣᠯᠠᠨ ᠬᠥᠮᠦᠨ ᠳᠤ ᠴᠠᠭᠠᠰᠤᠨ ᠬᠠᠶᠢᠴᠢᠯᠠᠮᠠᠯ ᠤᠨ ᠤᠷᠠᠯᠢᠭ ᠢ ᠣᠶᠢᠯᠠᠭᠠᠭᠤᠯᠵᠤ᠂ ᠲᠡᠳᠡᠨ ᠢ ᠳᠤᠷ᠎ᠠ ᠪᠠᠬ᠎ᠠ ᠲᠠᠢ ᠪᠤᠯᠭᠠᠨ᠂ ᠡᠨᠡ ᠬᠦ ᠤᠷ᠎ᠠ ᠮᠡᠷᠭᠡᠵᠢᠯ ᠢ ᠤᠯᠠᠮᠵᠢᠯᠠᠬᠤ ᠪᠣᠯ ᠲᠡᠭᠦᠨ ᠤ ᠬᠠᠮᠤᠭ ᠤᠨ ᠶᠡᠭᠡ ᠬᠦᠰᠡᠯ ᠭᠡᠨ᠎ᠡ᠃ ᠨᠢᠭᠡ ᠬᠠᠭᠤᠳᠠᠰᠤ ᠤᠯᠠᠭᠠᠨ ᠴᠠᠭᠠᠰᠤ ᠪᠠᠷ ᠳᠡᠯᠭᠡᠷ ᠬᠤᠷᠸ᠎ᠠ ᠶᠢ ᠬᠠᠶᠢᠴᠢᠯᠠᠨ ᠭᠠᠷᠭᠠᠵᠤ ᠳᠡᠶᠢᠯᠦᠨ᠎ᠡ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠬᠠᠢ ᠤᠪᠤᠭᠳᠤ ᠶᠢᠨ ᠴᠠᠭᠠᠰᠤᠨ ᠬᠠᠶᠢᠴᠢᠯᠠᠮᠠᠯ ᠰᠢᠨ᠎ᠡ ᠴᠠᠭ ᠦᠶ᠎ᠡ ᠳᠤ ᠯᠠᠪᠲᠠᠢ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ ᠭᠡᠳᠡᠭ ᠲᠤ ᠲᠠᠷᠠ ᠢᠳᠡᠭᠡᠯ ᠲᠡᠭᠦᠯᠳᠡᠷ ᠪᠠᠶᠢᠯ᠎ᠠ᠃
 
ᠢᠷᠡᠯᠲᠡ᠄ ᠬᠦᠯᠥᠭ ᠰᠢᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号