ᠰᠦᠨ ᠱᠤᠤ ᠴᠧᠩ ᠬᠢᠩᠭᠠᠨ ᠠᠶᠢᠮᠠᠭ ᠲᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/6/19
      6 ᠰᠠᠷ᠎ᠠ ᠶᠢᠨ 15 ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠢᠩᠭᠠᠨ ᠠᠶᠢᠮᠠᠭ ᠲᠤ ᠬᠦᠷᠴᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠷᠠᠰᠢᠶᠠᠨ ᠬᠤᠲᠠ ᠳᠤ᠂ ᠰᠦᠨ ᠱᠤᠤ ᠴᠧᠩ ᠤᠷᠢᠳ ᠬᠤᠵᠢᠳ ᠢᠷᠪᠢᠰ ᠵᠡᠭᠡᠯᠢ ᠭᠤᠳᠤᠮᠵᠢ ᠶᠢᠨ ᠨᠥᠮᠥᠷᠭᠡᠨ ᠨᠡᠶᠢᠭᠡᠮ ᠲᠣᠭᠤᠷᠢᠭ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠣᠮᠣ ᠳ᠋ᠠᠶᠢᠲ᠋ᠠ ᠶᠢᠨ ᠲᠥᠪ ᠲᠤ ᠬᠦᠷᠴᠦ᠂ ᠠᠵᠢᠯ ᠶᠠᠪᠤᠳᠠᠯ ᠭᠦᠢᠴᠡᠳᠭᠡᠵᠤ ᠪᠠᠶᠢᠭ᠎ᠠ ᠣᠯᠠᠨ ᠲᠦᠮᠡᠨ ᠪᠠ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠤᠬᠠᠶ ᠶᠢᠨ ᠭᠠᠵᠠᠷ ᠤᠨ ᠺᠠᠳ᠋ᠷ ᠠᠴᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠶᠠᠮᠠᠷ ᠶᠠᠮᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠥᠷᠨᠢᠭᠦᠯᠵᠦ ᠪᠠᠶᠢᠬᠤ᠂ ᠶᠠᠮᠠᠷ ᠶᠠᠮᠠᠷ ᠠᠷᠠᠳ ᠲᠤ ᠲᠥᠬᠦᠮ ᠦᠵᠡᠭᠦᠯᠬᠦ ᠵᠦᠢᠯᠡᠰ ᠢ ᠡᠭᠦᠷᠭᠡᠯᠡᠵᠦ ᠪᠠᠶᠢᠬᠤ᠂ ᠡᠩ ᠤᠨ ᠦᠶ᠎ᠡ ᠳᠤ ᠠᠵᠢᠯ ᠶᠠᠭᠠᠷᠠᠦ ᠡᠰᠡᠬᠦ ᠶᠢ ᠠᠰᠠᠭᠤᠨ ᠯᠠᠪᠯᠠᠵᠤ᠂ ᠦᠨᠳᠦᠰᠦᠨ ᠱᠠᠲᠤᠨ ᠤ ᠡᠭᠦᠷᠭᠡ ᠲᠤᠰᠢᠶᠠᠯ᠂ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠠᠷᠠᠳ ᠲᠦᠮᠡᠨ ᠳᠤ ᠦᠢᠯᠡᠴᠢᠯᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠲᠣᠰ ᠲᠣᠰ ᠤᠨ ᠣᠨᠴᠠᠯᠢᠭ ᠲᠤ ᠨᠡᠶᠢᠴᠡᠭᠰᠡᠨ ᠠᠷᠠᠳ ᠲᠦᠮᠡᠨ ᠳᠤ ᠦᠢᠯᠡᠴᠢᠯᠡᠬᠦ ᠰᠢᠨ᠎ᠡ ᠠᠷᠭ᠎ᠠ ᠵᠠᠮ ᠰᠢᠨ᠎ᠡ ᠵᠠᠭᠪᠤᠷ ᠢ ᠵᠣᠷᠢᠭᠲᠠᠶ ᠪᠠᠷ ᠰᠦᠪᠡᠭᠴᠢᠯᠡᠵᠦ᠂ ᠠᠵᠢᠯ ᠶᠠᠪᠤᠳᠠᠯ ᠭᠦᠢᠴᠡᠳᠭᠡᠬᠦ ᠲᠢᠩᠬᠢᠮ ᠤᠨ ᠪᠠᠶᠢᠷᠢᠯᠠᠭᠤᠯᠤᠯᠲᠠ ᠪᠠ ᠠᠵᠢᠯ ᠤᠨ ᠳᠡᠰ ᠳᠠᠷᠠᠭᠠᠯᠠᠯ ᠢ ᠰᠢᠯᠢᠳᠡᠭᠵᠢᠭᠦᠯᠵᠦ᠂ ᠣᠷᠣᠯᠠᠨ ᠭᠦᠢᠴᠡᠳᠭᠡᠬᠦ ᠣᠶᠢᠯᠠᠭᠠᠭᠳᠠᠬᠤᠨ ᠪᠠ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠲᠤ ᠴᠤᠮᠬᠠᠳᠬᠠᠭᠰᠠᠨ ᠬᠠᠮᠢᠶᠠᠷᠤᠯᠲᠠ ᠶᠢ ᠢᠳᠡᠪᠬᠢᠲᠡᠶ ᠬᠡᠷᠡᠭᠵᠢᠭᠦᠯᠵᠦ᠂ ᠬᠡᠷᠬᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ ᠪᠣᠯ ᠲᠡᠷᠡ ᠶᠠᠩᠵᠤ ᠪᠠᠷ ᠬᠢᠵᠦ᠂ ᠣᠯᠠᠨ ᠲᠦᠮᠡᠨ ᠳᠤ ᠲᠠᠭᠠᠰᠢᠶᠠᠭᠳᠠᠬᠤ ᠮᠥᠷᠲᠡᠭᠡᠨ ᠪᠠᠰᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠪᠡᠶᠡᠯᠡᠭᠦᠯᠬᠦ ᠬᠡᠷᠡᠭᠲᠡᠶ ᠭᠡᠪᠡ᠃      16 ᠤ ᠦᠳᠡ ᠶᠢᠨ ᠡᠮᠦᠨ᠎ᠡ᠂ ᠰᠦᠨ ᠱᠤᠤ ᠴᠤᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠩᠭᠠᠨ ᠠᠶᠢᠮᠠᠭ᠂ ᠷᠠᠰᠢᠶᠠᠨ ᠬᠤᠳᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠰᠤᠷᠤᠯᠴᠠᠯᠭ᠎ᠠ ᠬᠥᠮᠦᠵᠢᠯ ᠢ ᠨᠢᠭᠡᠨᠲᠡ 3 ᠰᠠᠷ᠎ᠠ ᠭᠠᠷᠤᠢ ᠥᠷᠨᠢᠭᠦᠯᠵᠡᠢ᠂ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠵᠣᠷᠢᠬᠰᠠᠨ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠪᠠᠶᠢᠬᠤ ᠡᠷᠴᠢ ᠵᠣᠷᠢᠭ ᠢᠶᠠᠷ ᠦᠷᠭᠦᠯᠵᠢᠯᠡᠨ ᠬᠦᠴᠦᠯᠡᠨ ᠠᠳᠬᠤᠵᠤ᠂ ᠰᠠᠶᠢᠨ ᠢᠶᠠᠷ ᠡᠬᠢᠯᠡᠭᠦᠯᠵᠦ ᠰᠠᠶᠢᠳᠤᠷ ᠲᠡᠭᠦᠰᠭᠡᠵᠦ᠂ ᠰᠠᠶᠢᠳᠤᠷ ᠬᠢᠵᠦ ᠰᠠᠶᠢᠨ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ︽ᠲᠣᠭᠲᠠᠭᠰᠠᠨ ᠬᠥᠳᠡᠯᠭᠡᠭᠡᠨ︾ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠤᠭᠴᠣᠭᠠᠨ ᠤ ᠠᠵᠢᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠠᠨᠳᠤᠯᠭᠠᠳᠤ ᠴᠢᠨᠠᠷᠲᠠᠢ ᠪᠠᠷ ᠳᠤᠲᠠᠭᠤᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠬᠤᠴᠣᠷᠤᠭᠰᠠᠨ ᠡᠭᠦᠷᠭᠡ ᠪᠠᠶᠢᠪᠠᠯ ᠱᠠᠯᠠᠪᠳᠠᠨ ︽ᠬᠢᠴᠢᠶᠡᠯ ᠨᠥᠬᠦᠪᠥᠷᠢᠯᠡᠵᠦ︾᠂ ᠵᠢᠱᠢᠯᠲᠡ ᠳᠤ ᠬᠦᠷᠦᠭᠰᠡᠨ ᠦᠭᠡᠢ ᠪᠠᠶᠢᠪᠠᠯ ︽ᠳᠠᠬᠢᠨ ᠳᠠᠪᠲᠠᠨ ᠪᠣᠯᠪᠠᠰᠤᠷᠠᠭᠤᠯᠬᠤ︾ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠪᠤᠶᠢᠮ᠎ᠠ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠣᠶ ᠰᠢᠭᠤᠶ ᠨᠤᠲᠤᠭ ᠪᠡᠯᠴᠢᠭᠡᠷ ᠢ ᠰᠦᠢᠳᠭᠡᠬᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠠᠰᠠᠭᠤᠳᠠᠯ ᠪᠣᠯᠤᠨ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠴᠢᠩᠭ᠎ᠠ ᠰᠢᠢᠳᠭᠡᠬᠦ ᠶᠢᠨ ᠬᠠᠮᠲᠤ ᠨᠡᠶᠢᠭᠡᠮ ᠳᠠᠶᠠᠭᠠᠷ ᠲᠤ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠪᠣᠯᠪᠠᠰᠤᠨ ᠢᠳᠡᠭᠡᠨ ᠤᠮᠳᠠᠭᠠᠨ ᠢ ᠰᠠᠨᠠᠭᠠᠴᠢᠯᠠᠬᠤ ᠬᠡᠷᠡᠭᠲᠡᠢ᠃ ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠰᠠᠶᠢᠵᠢᠷᠠᠭᠤᠯᠬᠤ ᠳᠤ ᠦᠷ᠎ᠡ ᠪᠦᠲᠦᠮᠵᠢᠲᠡᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠯ᠎ᠡ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠴᠢᠩᠭ᠎ᠠ ᠱᠠᠯᠠᠪᠳᠠᠭᠤᠯᠤᠨ ᠪᠣᠳᠠᠲᠠᠶ ᠵᠢᠯᠣᠭᠤᠳᠴᠤ᠂ ᠠᠳᠠᠯᠢ ᠰᠡᠳᠦᠪ ᠲᠤ ᠬᠠᠮᠲᠤ ᠪᠠᠷ ᠬᠠᠷᠢᠭᠤᠯᠲᠠ ᠥᠭᠬᠦ ᠶᠢ ᠪᠠᠷᠢᠮᠲᠠᠯᠠᠵᠤ᠂ ᠠᠰᠠᠭᠤᠳᠠᠯ ᠢ ᠢᠯᠡᠷᠡᠭᠦᠯᠬᠦ ᠪᠠᠷ ᠪᠠᠷᠠᠬᠤ ᠥᠬᠡᠶ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠷᠢᠯᠡᠬᠦ ᠬᠡᠷᠡᠭᠲᠡᠶ᠃ ᠡᠭᠦᠷᠭᠡ ᠤᠯᠠᠮ ᠬᠦᠨᠳᠦ ᠪᠣᠯᠬᠤ ᠲᠤᠳᠤᠮ ᠤᠯᠠᠮ ᠰᠠᠶᠢᠨ ᠰᠤᠷᠲᠠᠯ ᠢᠶᠠᠷ ᠰᠡᠳᠭᠢᠯ ᠨᠢᠬᠡᠲᠤᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠥᠷᠭᠡᠳᠭᠡᠬᠦ ᠬᠡᠷᠡᠭᠲᠡᠢ ᠭᠡᠪᠡ᠃      ᠰᠦᠨ ᠱᠤᠤ ᠴᠧᠩ ᠬᠠᠮᠤᠭ ᠤᠨ ᠰᠡᠬᠦᠯ ᠳᠤ᠂ ᠬᠢᠩᠭᠠᠨ ᠠᠶᠢᠮᠠᠭ ᠤᠨ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ ᠶᠤᠮ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠮᠥᠷᠭᠦᠯᠳᠦᠭᠡᠨ ᠲᠠᠢ ᠦᠶ᠎ᠡ ᠳᠤ᠂ ᠵᠠᠪᠠᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠡᠨᠡ ᠬᠦ ᠨᠣᠮᠢᠨ ᠨᠣᠭᠤᠭᠠᠨ ᠦᠩᠭᠡ ᠶᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠡ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠰᠦᠨ ᠱᠤᠤ ᠴᠧᠩ ᠪᠠᠰᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠬᠦᠷᠴᠦ ᠮᠣᠩᠭᠤᠯ ᠮᠤᠷᠢᠨ ᠤ ᠵᠣᠷᠢᠭ ᠰᠠᠨᠠᠭᠠᠨ ᠤ ᠭᠤᠣᠯ ᠰᠡᠳᠦᠪᠲᠦ ᠬᠢᠴᠢᠶᠡᠯ ᠤᠨ ᠭᠡᠷ ᠢ ᠲᠣᠭᠤᠷᠢᠨ ᠦᠵᠡᠪᠡ᠃      ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠬᠦᠯᠥᠭ ᠰᠢᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号