ᠣᠶᠢᠷ᠎ᠠ ᠳᠤ᠂ ᠷᠠᠰᠢᠶᠠᠨ ᠬᠤᠲᠠ ᠶᠢᠨ ᠮᠢᠩ ᠱᠦᠶ ᠾᠧ ᠪᠠᠯᠭᠠᠰᠤᠨ ᠤ ᠰᠢ ᠺᠸᠦ ᠲᠣᠰᠬᠤᠨ ᠤ ᠬᠢᠴᠢᠶᠡᠯ ᠤᠨ | ᠬᠡᠷ ᠲᠤ᠂ ᠬᠢᠩᠭᠠᠨ ᠠᠶᠢᠮᠠᠭ ᠤᠨ ᠪᠤᠷᠭᠠᠰᠤᠨ ᠭᠦᠷᠦᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ | ᠳ᠋ᠦᠩ ᠶᠠ ᠯᠢ ᠰᠤᠷᠤᠭᠴᠢᠳ ᠢᠶᠠᠨ ᠵᠢᠯᠣᠭᠤᠳᠤᠨ ᠪᠤᠷᠭᠠᠰᠤᠨ ᠭᠦᠷᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠬᠢᠵᠦ | ᠪᠠᠶᠢᠯ᠎ᠠ᠃ ᠰᠤᠷᠤᠭᠴᠢᠳ ᠰᠡᠳᠭᠢᠯ ᠰᠠᠨᠠᠭ᠎ᠠ ᠪᠠᠨ ᠲᠥᠪᠯᠡᠷᠡᠭᠦᠯᠦᠨ᠂ ᠵᠠᠷᠢᠮ ᠨᠢ ᠭᠤᠣᠯᠳᠠᠯᠭ᠎ᠠ ᠪᠠᠨ ᠨᠠᠷᠢᠨ ᠬᠢᠨᠠᠮᠠᠭᠠᠶ | ᠲᠡᠮᠳᠡᠭᠯᠡᠵᠦ᠂ ᠵᠠᠷᠢᠮ ᠨᠢ ᠳᠠᠬᠢᠨ ᠳᠠᠪᠲᠠᠨ ᠪᠣᠯᠪᠠᠰᠤᠷᠠᠵᠤ᠂ ᠪᠤᠷᠭᠠᠰᠦᠨ ᠬᠦᠷᠦᠮᠡᠯ ᠵᠤᠬᠢᠶᠠᠨ ᠪᠦᠲᠦᠭᠡᠵᠦ ᠲᠤᠬᠠᠢ ᠶᠢᠨ | ᠲᠠᠯᠠᠪᠠᠢ ᠬᠦᠷ ᠬᠦᠭᠵᠢᠶᠠᠨ ᠲᠠᠢ ᠪᠠᠶᠢᠯ᠎ᠠ᠃ | ᠣᠷᠣᠨ ᠨᠤᠲᠤᠭ ᠤᠨ ᠤᠨᠴᠠᠯᠢᠭᠳᠤ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ᠂ ᠤᠯᠠᠨ ᠲᠦᠮᠡᠨ ᠤ ᠠᠵᠢᠯ | ᠣᠯᠭᠤᠯᠲᠠ ᠶᠢᠨ ᠠᠷᠭ᠎ᠠ ᠵᠠᠮ ᠢ ᠥᠷᠭᠡᠳᠭᠡᠬᠦ ᠶᠢᠨ ᠲᠥᠯᠥᠭᠡ᠂ 2025 ᠣᠨ ᠳᠤ᠂ ᠷᠠᠰᠢᠶᠠᠨ ᠬᠤᠳᠠ ᠶᠢᠨ ᠮᠢᠩ ᠱᠦᠢ | ᠾᠧ ᠪᠠᠯᠭᠠᠰᠤ ᠪᠤᠷᠭᠠᠰᠤᠨ ᠭᠦᠷᠦᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠪᠣᠯᠪᠠᠰᠤᠷᠠᠯ | ᠦᠷᠨᠢᠭᠦᠯᠪᠡ᠃ ᠪᠣᠯᠪᠠᠰᠤᠷᠠᠯ ᠢᠶᠠᠨ 2 ᠬᠤᠭᠤᠴᠠᠭ᠎ᠠ ᠬᠤᠪᠢᠶᠠᠨ ᠶᠠᠪᠤᠬᠳᠠᠭᠤᠯᠵᠦ᠂ ᠬᠤᠭᠤᠴᠠᠭ᠎ᠠ ᠪᠦᠷᠢ 20 ᠡᠳᠦᠷ | ᠪᠠᠶᠢᠵᠦ᠂ ᠰᠠᠭᠤᠭᠠᠯᠢ ᠠᠷᠠᠳ᠂ ᠪᠤᠷᠭᠠᠰᠤᠨ ᠭᠦᠷᠦᠮᠡᠯ ᠤᠨ ᠠᠵᠢᠯ ᠬᠢᠭᠰᠡᠳ ᠪᠠ ᠭᠠᠷ ᠤᠷᠠᠯᠠᠯ ᠤᠨ ᠳᠤᠷ᠎ᠠ ᠪᠠᠭ᠋ᠠᠲᠠᠳ | ᠪᠤᠯᠪᠠᠰᠦᠷᠠᠯ ᠳᠤ ᠤᠷᠤᠯᠴᠠᠵᠠᠢ᠃ ᠪᠤᠯᠪᠠᠰᠦᠷᠠᠯ ᠨᠢ ᠪᠤᠷᠭᠠᠰᠤᠨ ᠭᠦᠷᠦᠮᠡᠯ ᠤᠨ ᠤᠯᠠᠮᠵᠢᠯᠠᠯᠲᠤ ᠤᠷ᠎ᠠ ᠮᠡᠷᠭᠡᠵᠢᠯ ᠢ | ᠬᠠᠮᠤᠷᠤᠭᠰᠠᠨ ᠢᠶᠠᠷ ᠪᠠᠷᠠᠬᠤ ᠥᠬᠡᠶ ᠪᠠᠰᠠ ᠣᠲᠣ ᠦᠶ᠎ᠡ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠣᠷᠣᠭᠤᠯᠵᠦ | ᠂ ᠣᠨᠣᠯ ᠤᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠳᠤᠭᠤᠶᠢᠯᠠᠩ ᠤᠨ ᠶᠠᠷᠢᠯᠴᠠᠭ᠎ᠠ ᠵᠡᠷᠭᠡ ᠣᠯᠠᠨ | ᠵᠦᠢᠯ ᠤᠨ ᠵᠢᠭᠠᠨ ᠰᠤᠷᠭᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠤᠨ ᠤᠷ᠎ᠠ ᠮᠡᠷᠭᠡᠵᠢᠯ ᠤᠨ ᠬᠢᠷᠢ | ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ︽ᠥᠩᠭᠡᠷᠡᠭᠰᠡᠨ ᠳᠤ ᠵᠥᠪᠬᠡᠨ ᠳᠥᠭᠦᠮᠬᠡᠨ ᠰᠠᠭᠰᠤ ᠭᠥᠷᠥᠳᠡᠭ ᠪᠠᠶᠢᠭᠰᠠᠨ ᠠᠴᠠ ᠣᠳᠣ ᠪᠤᠷᠭᠠᠰᠤᠨ ᠭᠦᠷᠦᠮᠡᠯ ᠤᠨ | ᠣᠯᠠᠨ ᠵᠦᠢᠯ ᠤᠨ ᠨᠠᠷᠢᠨ ᠪᠤᠳᠤᠯᠢᠶᠠᠨᠲᠠᠶ ᠤᠷᠠᠨ ᠠᠷᠭ᠎ᠠ ᠶᠢ ᠰᠤᠷᠤᠭᠰᠠᠨ ᠢᠶᠠᠷ ᠪᠠᠷᠠᠬᠤ ᠦᠭᠡᠶ᠂ ᠪᠤᠷᠭᠠᠰᠤᠨ ᠭᠦᠷᠦᠮᠡᠯ ᠤᠨ | ᠤᠷ᠎ᠠ ᠮᠡᠷᠭᠡᠵᠢᠯ ᠨᠢ ᠴᠦ ᠮᠢᠨᠦ ᠣᠷᠣᠯᠭ᠎ᠠ ᠶᠢ ᠨᠡᠮᠡᠭᠳᠡᠭᠦᠯᠬᠦ ᠨᠢᠭᠤᠴᠠ ᠵᠣᠷ ᠪᠣᠯᠤᠭᠰᠠᠨ ᠪᠠᠶᠢᠨ᠎ᠠ︾ ᠭᠡᠵᠦ ᠪᠤᠯᠪᠠᠰᠦᠷᠠᠯ ᠳᠤ | ᠤᠷᠤᠯᠴᠠᠬᠰᠠᠨ ᠯᠢ ᠶᠠᠨ ᠵᠢᠶᠤᠤ ᠢᠨᠢᠶᠡᠮᠰᠦᠭᠯᠡᠨ ᠬᠡᠯᠡᠵᠦ ᠪᠠᠶᠢᠯ᠎ᠠ᠃ | ᠲᠣᠰ ᠤᠳᠠᠭᠠᠨ ᠤ ᠪᠣᠯᠪᠠᠰᠤᠷᠠᠯ ᠳᠤ ᠬᠤᠯᠪᠣᠭᠳᠠᠯ ᠪᠥᠬᠦᠶ ᠣᠷᠣᠨ ᠪᠦᠰᠡ ᠶᠢᠨ ᠲᠤᠰᠬᠠᠶ ᠮᠡᠷᠭᠡᠵᠢᠯᠲᠡᠨ ᠢ ᠤᠷᠢᠵᠤ᠂ | ᠪᠤᠷᠭᠠᠰᠤᠨ ᠭᠦᠷᠦᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠬᠡᠪᠴᠢᠶ᠎ᠡ ᠶᠢ ᠥᠷᠭᠡᠳᠭᠡᠵᠦ᠂ | ᠪᠤᠯᠪᠠᠰᠦᠷᠠᠯ ᠳᠤ ᠤᠷᠤᠯᠴᠠᠬᠰᠡᠳ ᠤᠨ ᠤᠷ᠎ᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠭᠰᠠᠨ ᠢᠶᠠᠷ | ᠪᠠᠷᠠᠬᠤ ᠥᠬᠡᠶ᠂ ᠨᠠᠩ ᠴᠤ ᠪᠤᠷᠭᠠᠰᠤᠨ ᠭᠦᠷᠦᠮᠡᠯ ᠢ ᠤᠷᠠᠯᠢᠭᠵᠢᠭᠤᠯᠤᠨ ᠬᠥᠭᠵᠢᠭᠦᠯᠬᠦ ᠪᠠ ᠰᠢᠨ᠎ᠡ ᠶᠢ ᠡᠭᠦᠳᠦᠨ | ᠤᠯᠠᠮᠵᠢᠯᠠᠬᠤ ᠶᠢ ᠬᠦᠴᠦᠯᠡᠨ ᠠᠬᠢᠭᠤᠯᠵᠤ᠂ ᠡᠷᠲᠡᠨ ᠤ ᠪᠤᠷᠭᠠᠰᠤᠨ ᠭᠦᠷᠦᠮᠡᠯ ᠤᠨ ᠤᠷ᠎ᠠ ᠮᠡᠷᠭᠡᠵᠢᠯ ᠢ ᠴᠠᠭ ᠦᠶ᠎ᠡ ᠶᠢᠨ | ᠤᠷᠠᠯᠢᠭ ᠤᠨ ᠷᠢᠳᠢ ᠰᠢᠳᠢ ᠲᠠᠢ ᠪᠣᠯᠭᠠᠵᠤ᠂ ᠪᠤᠷᠭᠠᠰᠤᠨ ᠭᠦᠷᠦᠮᠡᠯ ᠤᠨ ᠪᠦᠲᠦᠭᠡᠭᠳᠡᠬᠦᠨ ᠢ ᠬᠥᠳᠡᠭᠡ ᠲᠣᠰᠬᠤᠨ ᠠᠴᠠ | ᠭᠠᠷᠭᠠᠵᠤ᠂ ᠤᠨᠴᠠᠯᠢᠭᠳᠤ ᠠᠵᠤ ᠦᠢᠯᠡᠰ ᠢ ᠪᠦᠷᠢᠯᠳᠦᠭᠦᠯᠬᠦ ᠳᠤ ᠬᠦᠴᠦᠨ ᠨᠡᠮᠡᠷᠢᠯᠡᠪᠡ᠃ | ᠰᠢ ᠺᠸᠦ ᠲᠣᠰᠬᠤᠨ ᠤ ᠪᠤᠷᠭᠠᠰᠤᠨ ᠭᠦᠷᠦᠮᠡᠯ ᠨᠢ ᠬᠦᠮᠤᠰ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠯᠡᠭᠡᠨ ᠤ | ᠵᠦᠢᠯ ᠤᠨ ᠬᠦᠷᠢᠶ᠎ᠡ ᠬᠡᠪᠴᠢᠶ᠎ᠡ ᠠᠴᠠ ᠳᠠᠪᠠᠵᠤ᠂ ᠭᠤᠶᠢᠳᠠ ᠰᠠᠶᠢᠬᠠᠨ ᠤᠷᠠᠯᠢᠭ ᠤᠨ ᠪᠦᠲᠦᠭᠡᠯ ᠪᠣᠯᠤᠭᠰᠠᠨ ᠪᠠᠶᠢᠨ᠎ᠠ᠃ | 2021 ᠣᠨ ᠳᠤ᠂ ᠷᠠᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠭᠡᠯ ᠤᠨ ᠭᠠᠵᠠᠷ ︵ᠷᠠᠰᠢᠶᠠᠨ ᠤ | ᠪᠤᠷᠭᠠᠰᠤᠨ ᠭᠦᠷᠦᠮᠡᠯ︶ ᠵᠢᠩᠬᠢᠨᠢ ᠪᠠᠷ ᠪᠠᠶᠢᠭᠤᠯᠤᠭᠳᠠᠵᠤ᠂ ᠡᠨᠡᠬᠦ ᠤᠷ᠎ᠠ ᠮᠡᠷᠭᠡᠵᠢᠯ ᠢ ᠰᠢᠨ᠎ᠡ ᠴᠠᠭ ᠦᠶ᠎ᠡ ᠳᠤ ᠰᠢᠨ᠎ᠡ ᠭᠡᠷᠡᠯ | ᠭᠢᠯᠪᠠᠭ᠎ᠠ ᠲᠠᠢ ᠪᠣᠯᠭᠠᠪᠠ᠃ ᠣᠳᠣᠬᠠᠨ ᠳᠤ ᠦᠢᠯᠡᠳᠭᠡᠯ ᠤᠨ ᠭᠠᠵᠠᠷ ᠲᠤ 20 ᠭᠠᠷᠤᠶ ᠲᠤᠰᠬᠠᠶ ᠮᠡᠷᠭᠡᠵᠢᠯ ᠤᠨ | ᠠᠵᠢᠯᠲᠠᠨ ᠲᠠᠢ ᠪᠠᠶᠢᠵᠤ᠂ ᠪᠤᠷᠭᠠᠰᠤᠨ ᠭᠦᠷᠦᠮᠡᠯ ᠤᠨ ᠤᠷᠠᠯᠢᠭ ᠢ ᠤᠯᠠᠮᠵᠢᠯᠠᠨ ᠬᠥᠭᠵᠢᠭᠦᠯᠬᠦ ᠪᠠᠷ ᠴᠢᠷᠮᠠᠶᠢᠵᠤ ᠪᠣᠶ᠃ | ᠤᠷᠠᠯᠢᠬᠴᠢᠳ ᠤᠨ ᠤᠷᠠᠨ ᠤᠷᠤᠯᠳᠤᠯᠭ᠎ᠠ ᠳᠤᠤᠷ᠎ᠠ ᠪᠤᠷᠭᠠᠰᠤ ᠨᠢ ᠶᠠᠩᠵᠤ ᠪᠦᠷᠢ ᠶᠢᠨ ᠨᠠᠷᠢᠯᠢᠭ ᠪᠦᠲᠦᠭᠡᠭᠳᠡᠬᠦᠨ ᠪᠤᠯᠵᠤ᠂ | ᠰᠢ ᠺᠸᠦ ᠲᠣᠰᠬᠤᠨ ᠤ ᠵᠢᠭᠤᠯᠴᠢᠯᠡᠯ ᠤᠨ ᠳᠤᠷᠠᠰᠬᠠᠯ ᠤᠨ ᠡᠳ᠋ ᠤᠨ ᠴᠢᠬᠤᠯᠠ ᠪᠦᠷᠢᠯᠳᠦᠬᠦᠨ ᠬᠡᠰᠡᠭ ᠪᠤᠯᠵᠤ᠂ ᠡᠯ᠎ᠡ | ᠭᠠᠵᠠᠷ ᠤᠨ ᠵᠢᠭᠤᠯᠴᠢᠯᠠᠬᠴᠢᠳ ᠤᠨ ᠠᠩᠬᠠᠷᠦᠯ ᠢ ᠲᠠᠳᠠᠵᠦ ᠪᠠᠶᠢᠯ᠎ᠠ᠃ ︽ᠪᠢᠳᠡ ᠵᠢᠯ ᠪᠦᠷᠢ 20 ᠭᠠᠷᠤᠶ ᠲᠠᠷᠢᠶᠠᠴᠢᠨ | ᠡᠷᠦᠬᠡ ᠶᠢ ᠳᠠᠶᠢᠴᠢᠯᠠᠨ ᠪᠤᠷᠭᠠᠰᠤᠨ ᠭᠦᠷᠦᠮᠡᠯ ᠤᠨ ᠤᠷ᠎ᠠ ᠮᠡᠷᠭᠡᠵᠢᠯ ᠢᠶᠠᠷ ᠣᠷᠣᠯᠭ᠎ᠠ ᠶᠢ ᠨᠢ ᠨᠡᠮᠡᠭᠳᠡᠭᠦᠯᠵᠦ᠂ ᠡᠷᠦᠬᠡ | ᠪᠦᠷᠢ ᠶᠢᠨ ᠳᠤᠮᠳᠠᠴᠢ ᠣᠷᠣᠯᠭ᠎ᠠ ᠶᠢ 4000 ᠭᠠᠷᠤᠶ ᠲᠥᠭᠦᠷᠢᠭ ᠨᠡᠮᠡᠭᠳᠡᠭᠦᠯᠵᠦ ᠪᠠᠶᠢᠨ᠎ᠠ︾ ᠭᠡᠵᠦ ᠪᠤᠳᠠᠰ ᠤᠨ ᠪᠤᠰᠤ | ᠰᠤᠶᠤᠯ ᠤᠨ ᠦᠪ ᠤᠨ ᠤᠯᠠᠮᠵᠢᠯᠠᠬᠴᠢ ᠳ᠋ᠦᠩ ᠶᠠ ᠯᠢ ᠲᠠᠨᠢᠯᠴᠠᠭᠤᠯᠵᠦ ᠪᠠᠶᠢᠯ᠎ᠠ᠃ ᠳ᠋ᠦᠩ ᠶᠠ ᠯᠢ ᠵᠡᠷᠭᠡ ᠪᠤᠳᠠᠰ ᠤᠨ | ᠪᠤᠰᠤ ᠰᠤᠶᠤᠯ ᠤᠨ ᠦᠪ ᠤᠨ ᠤᠯᠠᠮᠵᠢᠯᠠᠬᠴᠢ ᠶᠢᠨ ᠴᠢᠷᠮᠠᠶᠢᠯᠭ᠎ᠠ ᠪᠠᠷ᠂ ᠷᠠᠰᠢᠶᠠᠨ ᠤ ᠪᠤᠷᠭᠠᠰᠤ ᠬᠦᠷᠦᠮᠠᠯ ᠤᠨ ᠤᠷ᠎ᠠ | ᠮᠡᠷᠭᠡᠵᠢᠯ ᠨᠢ ᠤᠷᠢᠳ ᠬᠤᠵᠢᠳ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ | ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠪᠣᠯᠤᠨ ᠨᠠᠢᠮᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ | ᠵᠢᠭᠰᠠᠭᠠᠭᠳᠠᠪᠠ᠃ | ᠤᠢᠢᠷ᠎ᠠ ᠶᠢᠨ ᠵᠢᠯ ᠠᠴᠠ ᠨᠠᠭᠠᠰᠢ᠂ ᠰᠢ ᠺᠸᠤ ᠲᠣᠰᠬᠤᠨ ᠲᠤᠰ ᠭᠠᠵᠠᠷ ᠤᠨ ᠢᠶᠠᠨ ︽ᠲᠠᠷᠢᠶᠠᠯᠠᠩ ᠤᠢ ᠰᠢᠭᠤᠢ ᠮᠠᠯ | ᠠᠵᠤ ᠠᠬᠤᠢ︾ ᠶᠢᠨ ᠤᠨᠴᠠᠯᠢᠬᠳᠤ ᠰᠣᠶᠣᠯ ᠢ ᠭᠦᠨᠵᠡᠭᠡᠢ ᠠᠭᠤᠳᠠᠯᠵᠤ᠂ ᠪᠤᠳᠠᠰ ᠤᠨ ᠪᠤᠰᠤ ᠰᠤᠶᠤᠯ ᠤᠨ ᠦᠪ ᠤᠨ | ᠤᠯᠠᠮᠵᠢᠯᠠᠬᠴᠢ ᠪᠠ ᠤᠷᠠᠯᠢᠭᠴᠢᠳ ᠤᠨ ᠠᠵᠢᠯ ᠲᠦᠷᠦᠯ ᠠᠯᠤᠰᠯᠠᠭᠰᠠᠨ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠢ | ᠠᠬᠢᠭᠤᠯᠵᠤ᠂ ᠤᠯᠠᠨ ᠲᠦᠷᠦᠯ ᠤᠨ ᠪᠤᠷᠭᠠᠰᠤᠨ ᠭᠦᠷᠦᠮᠡᠯ ᠤᠨ ᠤᠷᠠᠯᠢᠭ ᠤᠨ ᠴᠢᠮᠡᠭᠯᠡᠯ ᠢ ᠬᠠᠮᠲᠤᠪᠠᠷ ᠵᠣᠬᠢᠶᠠᠨ ᠪᠦᠲᠦᠭᠡᠵᠡᠢ | ᠃ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠪᠤᠷᠭᠠᠰᠤᠨ ᠬᠦᠷᠦᠮᠡᠯ ᠢᠶᠠᠷ | ᠲᠥᠯᠥᠭᠡᠯᠡᠭᠦᠯᠦᠭᠰᠡᠨ 10 ᠭᠠᠷᠤᠢ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠢ ᠰᠢ ᠺᠸᠦ ᠲᠤᠰᠬᠤᠨ ᠳᠤ ᠰᠢᠨ᠎ᠡ ᠶᠢ | ᠡᠭᠦᠳᠦᠨ ᠤᠯᠠᠮᠵᠢᠯᠠᠨ ᠪᠠᠳᠠᠷᠠᠭᠤᠯᠵᠤ᠂ ︽ᠤᠯᠠᠮᠵᠢᠯᠠᠯᠲᠤ ᠤᠷ᠎ᠠ ᠮᠡᠷᠭᠡᠵᠢᠯ + ᠤᠳᠤ ᠦᠶ᠎ᠡ ᠶᠢᠨ ᠭᠤᠸ᠎ᠠ ᠰᠠᠶᠢᠬᠠᠨ︾ ᠤ | ᠰᠣᠶᠣᠯ ᠤᠨ ᠠᠮᠢ ᠠᠬᠤᠢ ᠶᠢ ᠴᠣᠭᠴᠠᠯᠠᠨ ᠪᠠᠶᠢᠭᠤᠯᠵᠤ᠂ ︽ᠤᠷᠠᠯᠢᠭ ᠤᠨ ᠲᠣᠰᠬᠤᠨ︾ ᠤ ᠤᠨᠴᠠᠯᠢᠭᠳᠤ ᠲᠦᠷᠦᠯ | ᠲᠡᠮᠳᠡᠭ ᠢ ᠠᠮᠵᠢᠯᠲᠠ ᠲᠠᠢ ᠡᠭᠦᠳᠴᠤ ᠪᠤᠢ᠃ ︵ᠯᠢᠶᠠᠨ ᠪᠤᠤ ᠪᠤᠤ ᠢ ᠵᠢᠩ︶ |