ᠷᠠᠰᠢᠶᠠᠨ ᠬᠤᠲᠠ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/20
    6 ᠰᠠᠷ᠎ᠠ ᠶᠢᠨ 18 ᠤ ᠡᠳᠦᠷ᠂ ᠷᠠᠰᠢᠶᠠᠨ ᠬᠤᠲᠠ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠡᠢ᠃    ᠬᠤᠷᠠᠯ ᠳᠤ᠂ ᠪᠦᠬᠦ ᠬᠤᠳᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶᠠᠰ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ︽ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ︾ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠬᠦᠴᠦᠲᠡᠢ ᠥᠷᠨᠢᠭᠦᠯᠬᠦ ᠬᠡᠷᠡᠭᠲᠡᠢ᠃ ︽ᠡᠷᠬᠢᠨ ᠬᠠᠷᠠᠬᠤ︾ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠠᠰᠠᠭᠤᠳᠠᠯ ᠢ ᠤᠨᠢᠨ ᠳᠡᠭᠡᠷ᠎ᠡ ᠨᠢ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠠᠷᠢᠬᠢ ᠣᠣᠭᠤᠬᠰᠠᠨ ᠤ ᠲᠠᠷᠠᠭ᠎ᠠ ᠪᠣᠶᠣ ᠰᠣᠭᠲᠣᠭᠤ ᠪᠠᠷ  ᠮᠠᠰᠢᠨ ᠲᠡᠷᠭᠡ ᠵᠢᠯᠣᠭᠤᠳᠬᠤ ᠵᠡᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠵᠣᠭᠤᠰ ᠨᠠᠭᠠᠳᠬᠤ ᠳᠤ ᠣᠷᠣᠯᠴᠠᠬᠤ᠂ ᠪᠢᠴᠢᠭ ᠮᠠᠲ᠋ᠧᠷᠢᠶᠠᠯ ᠠᠷᠪᠢᠳᠴᠣ ᠬᠤᠷᠠᠯ ᠴᠣᠬᠯᠠᠭᠠᠨ ᠣᠯᠠᠰᠢᠷᠡᠬᠤ ᠶᠢ ᠲᠤᠰᠬᠠᠢ ᠴᠡᠭᠴᠡᠯᠡᠨ ᠵᠠᠰᠠᠬᠤ ᠲᠦᠷᠪᠡᠨ ᠲᠠᠯ᠎ᠠ ᠶᠢᠨ ᠭᠤᠣᠯᠳᠠᠯᠭᠠᠳᠣ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠴᠣᠮᠬᠠᠳᠬᠠᠬᠰᠠᠨ ᠬᠠᠮᠢᠶᠠᠷᠤᠯᠲᠠ ᠶᠢ ᠢᠳᠡᠪᠬᠢᠲᠡᠢ ᠬᠡᠷᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠶᠢ ᠪᠠᠬᠢᠵᠢᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃    ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠵᠣ᠂ ᠲᠠᠬᠢᠨ ᠬᠦᠴᠦ ᠣᠷᠣᠭᠤᠯᠵᠤ ᠲᠠᠬᠢᠨ ᠪᠣᠭᠤᠮᠲᠠ ᠰᠢᠪᠲᠤᠯᠵᠤ᠂ ᠳᠤᠲᠠᠭᠤᠳᠠᠯ ᠢ ᠱᠠᠯᠠᠪᠳᠠᠨ ᠨᠥᠬᠦᠪᠥᠷᠢᠯᠡᠵᠦ᠂ ᠲᠦᠷᠢᠮ ᠲᠣᠭᠲᠠᠭᠠᠯ ᠲᠣᠭᠲᠠᠭᠠᠨ᠂ ︽ᠠᠰᠠᠭᠤᠳᠠᠯ ᠢ ᠪᠠᠶᠢᠴᠠᠭᠠᠨ ᠳᠤᠳᠤᠯᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠤᠯᠠᠨ ᠲᠦᠮᠡᠨ ᠬᠠᠨᠤᠮᠵᠢ ᠦᠭᠡᠢ ᠪᠣᠯ ᠲᠠᠯᠪᠢᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠶᠡᠭᠡ ᠬᠦᠴᠦ ᠣᠷᠣᠭᠤᠯᠤᠨ ᠨᠠᠮ ᠤᠨ ᠲᠦᠪ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠰᠢᠢᠳᠪᠦᠷᠢᠯᠡᠬᠦ ᠶᠠᠰᠤ ᠴᠢᠨᠠᠷ ᠪᠣᠯᠤᠨ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠠᠳᠬᠤᠨ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠡ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠵᠣᠷᠢᠭ ᠰᠠᠨᠠᠭ᠎ᠠ ᠪᠠ ᠠᠵᠢᠯᠯᠠᠬᠤ ᠡᠷᠴᠢ ᠵᠣᠷᠢᠭ ᠢᠶᠠᠨ ᠪᠠᠲᠤᠯᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠢᠯ ᠤᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠣ ᠴᠢᠬᠤᠯᠠᠴᠢᠯᠡᠪᠡ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号