ᠰᠤᠷᠭᠠᠨ ᠬᠦᠮᠦᠵᠢᠯ ᠤᠨ ᠶᠠᠮᠦᠨ ᠤᠶᠢᠷ᠎ᠠ ᠳᠤ ᠰᠢᠯᠭᠠᠯᠳᠠ ᠳᠤ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ | ᠰᠢᠷᠢᠰ ᠦᠢᠯᠡ ᠠᠵᠢᠯᠯᠠᠭ᠎ᠠ ᠪᠠ ᠰᠢᠯᠭᠠᠯᠳᠠ ᠶᠢᠨ ᠲᠠᠷᠠᠭᠠᠬᠢ ᠬᠤᠪᠢ ᠪᠠᠶᠢᠴᠠᠭᠠᠬᠤ᠂ ᠡᠯᠰᠡᠬᠦ ᠶᠠᠪᠤᠴᠠ ᠳᠠᠬᠢ ᠦᠨᠡᠨ | ᠪᠤᠳᠠᠳᠠᠢ ᠮᠡᠬᠡᠯᠡᠯ ᠤᠨ ᠬᠡᠷᠡᠭ ᠤᠨ ᠵᠢᠱᠢᠶ᠎ᠡ ᠶᠢ ᠨᠡᠶᠢᠳᠡᠯᠡᠵᠦ᠂ ᠰᠢᠯᠭᠠᠭᠤᠯᠤᠬᠴᠢ ᠪᠠ ᠬᠡᠷ ᠤᠨ ᠠᠬᠠᠮᠡᠳ ᠲᠤ | ᠮᠡᠬᠡᠯᠡᠯ ᠤᠨ ᠦᠢᠯᠡ ᠠᠵᠢᠯᠯᠠᠭ᠎ᠠ ᠶᠢ ᠤᠨᠤᠪᠴᠢᠳᠠᠢ ᠢᠯᠭᠠᠨ ᠲᠠᠨᠢᠵᠦ᠂ ᠡᠷᠡᠮᠡᠯᠵᠡᠯ ᠲᠠᠬᠯᠠᠬᠤ ᠡᠯ᠎ᠡ ᠲᠦᠷᠦᠯ ᠤᠨ | ᠵᠢᠯᠤᠭᠤᠳᠤᠯᠭ᠎ᠠ ᠵᠦᠪᠯᠡᠯᠬᠡ ᠳᠤ ᠪᠤᠯᠭᠤᠮᠵᠢᠳᠠᠢ ᠬᠠᠨᠳᠤᠵᠦ᠂ ᠠᠵᠦ ᠠᠬᠤᠢ ᠶᠢᠨ ᠬᠤᠬᠢᠷᠠᠯ ᠪᠠ ᠡᠷᠡᠮᠡᠯᠵᠡᠯ ᠲᠠᠬᠯᠠᠬᠤ | ᠠᠶᠦᠯ ᠲᠦᠭᠰᠢᠬᠦᠷᠢ ᠡᠬᠦᠰᠬᠦ ᠠᠴᠠ ᠵᠠᠶᠢᠯᠠᠰᠬᠢᠬᠦ ᠬᠡᠷᠡᠭᠳᠡᠢ ᠬᠡᠵᠦ ᠰᠠᠨᠠᠭᠤᠯᠪᠠ᠃ | ᠵᠠᠷᠢᠮ ᠰᠦᠯᠵᠢᠶᠡᠨ ᠦᠷᠳᠡᠭᠡ ᠨᠢ ᠲᠤᠳᠤᠭᠠᠳᠤ ᠶᠢᠨ ᠲᠤᠭ᠎ᠠ ᠪᠠᠷᠢᠮᠳᠠ ᠶᠢ ᠡᠵᠡᠮᠰᠢᠵᠦ ᠪᠤᠢ ᠬᠡᠮᠡᠵᠦ᠂ ︽ | ᠰᠤᠷᠭᠠᠭᠤᠯᠢ ᠶᠢ ᠤᠨᠤᠪᠴᠢᠳᠠᠢ ᠲᠤᠬᠳᠠᠭᠠᠬᠤ︾᠂ ︽ᠨᠢᠬᠡ ᠬᠤᠪᠢ ᠶᠢ ᠴᠤ ᠪᠦᠷᠢᠯᠬᠡᠬᠦ ᠦᠬᠡᠢ︾ ᠬᠡᠬᠦ ᠮᠡᠳᠤ ᠪᠠᠷ | ᠤᠬᠠᠭᠤᠯᠵᠦ ᠪᠠᠶᠢᠨ᠎ᠠ᠃ ᠡᠬᠦᠨ ᠤ ᠲᠤᠬᠠᠢ ᠰᠤᠷᠭᠠᠨ ᠬᠦᠮᠦᠵᠢᠯ ᠤᠨ ᠶᠠᠮᠦᠨ᠂ ᠵᠢᠯ ᠪᠦᠷᠢ ᠶᠢᠨ ᠶᠡᠭᠡ ᠲᠡᠭᠡᠳᠦ | ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠠᠵᠢᠯ ᠳᠤ᠂ ᠡᠯ᠎ᠡ ᠮᠤᠵᠢ ᠶᠢᠨ | ᠱᠠᠳᠦᠨ ᠤ ᠰᠤᠷᠤᠬᠴᠢ ᠡᠯᠰᠡᠬᠦ ᠰᠢᠯᠭᠠᠯᠳᠠ ᠶᠢᠨ ᠪᠠᠶᠢᠭᠤᠯᠦᠮᠵᠢ ᠨᠤᠭᠤᠳ ᠴᠦᠮ ᠨᠢᠬᠡᠳᠦᠯᠳᠡᠢ ᠰᠢᠯᠭᠠᠯᠳᠠ ᠶᠢᠨ | ᠬᠢᠷᠢ ᠪᠦᠳᠦᠮᠵᠢ ᠶᠢ ᠪᠦᠷᠢᠳᠭᠡᠭᠰᠡᠨ ᠪᠠᠶᠢᠳᠠᠯ ᠪᠠ ᠤᠶᠢᠷ᠎ᠠ ᠶᠢᠨ ᠵᠢᠯ ᠤᠨ ᠡᠯ᠎ᠡ ᠶᠡᠭᠡ ᠲᠡᠭᠡᠳᠦ ᠰᠤᠷᠭᠠᠭᠤᠯᠢ ᠶᠢᠨ | ᠰᠤᠷᠤᠬᠴᠢ ᠡᠯᠰᠡᠬᠦ ᠬᠤᠪᠢ ᠶᠢᠨ ᠪᠠᠶᠢᠳᠠᠯ ᠢ ᠨᠡᠶᠢᠳᠡᠯᠡᠳᠡᠭ᠃ ᠵᠠᠬ᠎ᠠ ᠲᠡᠯᠬᠡᠬᠦᠷ ᠤᠨ ᠪᠠᠶᠢᠭᠤᠯᠤᠮᠵᠢ ᠪᠤᠶᠤ ᠬᠤᠪᠢ | ᠬᠦᠮᠦᠨ ᠶᠠᠮᠠᠷ ᠴᠤ ᠤᠨᠴᠠᠭᠠᠢ ᠲᠤᠳᠤᠭᠠᠳᠤ ᠶᠢᠨ ᠮᠡᠳᠡᠭᠡ ᠵᠠᠩᠬᠢ ᠶᠢ ᠡᠵᠡᠮᠰᠢᠵᠦ ᠲᠡᠶᠢᠯᠬᠦ ᠦᠬᠡᠢ᠃ ᠢᠷᠡᠯᠳᠡ ᠨᠢ | ᠲᠤᠳᠤ ᠪᠤᠰᠤ ᠰᠦᠯᠵᠢᠶᠡᠨ ᠦᠷᠳᠡᠭᠡ ᠳᠠᠬᠢ ᠬᠤᠯᠪᠤᠭᠠᠰᠦ ᠳᠤ ᠤᠨᠠᠭᠤᠯᠢ ᠶᠢᠨ ᠸᠢᠷᠦ᠋ᠰ ᠨᠢᠭᠤᠬᠳᠠᠵᠦ᠂ ᠬᠤᠪᠢ | ᠬᠦᠮᠦᠨ ᠤ ᠮᠡᠳᠡᠭᠡ ᠵᠠᠩᠬᠢ ᠪᠤᠶᠤ ᠪᠠᠩᠬᠢ ᠶᠢᠨ ᠺᠠᠷᠲ ᠤᠨ ᠨᠤᠮᠧᠷ ᠢᠶᠠᠨ ᠲᠠᠬᠯᠠᠵᠦ ᠤᠷᠤᠭᠤᠯᠪᠠᠯ ᠵᠤᠭᠤᠰ | ᠮᠦᠡᠭᠬᠦᠨ ᠤ ᠬᠤᠬᠢᠷᠠᠯ ᠠᠮᠰᠠᠵᠦ ᠮᠡᠳᠡᠨ᠎ᠡ᠃ ᠠᠯᠪᠠᠨ ᠤ ᠲᠠᠯ᠎ᠠ ᠶᠢᠨ ᠬᠤᠪᠢ ᠪᠠᠶᠢᠴᠠᠭᠠᠬᠤ ᠰᠢᠰᠲ᠋ᠧᠮ ᠳᠤ ᠢᠯᠡᠬᠦᠴᠡ | ᠰᠢᠯᠭᠠᠨ ᠪᠠᠳᠦᠯᠠᠬᠤ ᠭᠤᠬᠴᠤᠭ᠎ᠠ ᠪᠠᠶᠢᠬᠤ ᠦᠬᠡᠢ ᠬᠡᠵᠦ ᠢᠯᠡᠷᠬᠡᠶᠢᠯᠡᠪᠡ᠃ | ᠤᠶᠢᠷ᠎ᠠ ᠳᠤ ᠰᠤᠷᠭᠠᠨ ᠬᠦᠮᠦᠵᠢᠯ ᠤᠨ ᠶᠠᠮᠦᠨ ᠤ ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ | ᠤᠯᠤᠰ ᠤᠨ ᠨᠢᠬᠡᠳᠦᠯᠳᠡᠢ ᠰᠢᠯᠭᠠᠯᠳᠠ ᠶᠢᠨ ᠡᠷᠡᠮᠡᠯᠵᠡᠯ ᠲᠠᠬᠯᠠᠵᠦ ᠮᠡᠳᠡᠬᠦᠯᠬᠦ ᠮᠡᠳᠡᠭᠡ ᠵᠠᠩᠬᠢ ᠶᠢᠨ ᠦᠢᠯᠡᠴᠢᠯᠡᠬᠡᠨ ᠤ | ᠰᠢᠰᠲ᠋ᠧᠮ ︽ᠨᠠᠷᠠᠨ ᠬᠡᠷᠡᠯᠳᠤ ᠡᠷᠡᠮᠡᠯᠵᠡᠯ︾ ᠢ ᠨᠢᠬᠡᠨᠳᠡ ᠰᠦᠯᠵᠢᠶᠡᠨ ᠳᠤ ᠨᠡᠪᠳᠡᠷᠡᠬᠦᠯᠵᠦ᠂ ᠤᠶᠤᠨᠳᠤ ᠪᠠᠷ | ᠡᠷᠡᠮᠡᠯᠵᠡᠯ ᠰᠤᠩᠭᠤᠬᠤ ᠵᠡᠷᠭᠡ 7 ᠭᠤᠤᠯᠯᠠᠬᠤ ᠴᠢᠳᠠᠮᠵᠢ ᠶᠢ ᠭᠠᠷᠭᠠᠬᠰᠠᠨ ᠪᠠᠶᠢᠨ᠎ᠠ᠃ ᠲᠤᠰ ᠰᠢᠰᠲ᠋ᠧᠮ ᠨᠢ ᠪᠦᠬᠦ | ᠤᠯᠤᠰ ᠤᠨ ᠡᠩ ᠤᠨ ᠶᠡᠭᠡ ᠲᠡᠭᠡᠳᠦ ᠰᠤᠷᠭᠠᠭᠤᠯᠢ ᠶᠢᠨ ᠦᠡᠭᠭᠡᠷᠡᠭᠰᠡᠨ ᠵᠢᠯ ᠤᠳ ᠤᠨ ᠰᠤᠷᠤᠬᠴᠢ ᠡᠯᠰᠡᠭᠰᠡᠨ ᠡᠷᠬᠡ | ᠰᠦᠷᠳᠤ ᠲᠤᠭ᠎ᠠ ᠪᠠᠷᠢᠮᠳᠠ ᠶᠢ ᠡᠮᠬᠢᠯᠡᠨ ᠨᠡᠶᠢᠳᠬᠡᠵᠦ᠂ 2025 ᠤᠨ ᠤ ᠶᠡᠭᠡ ᠲᠡᠭᠡᠳᠦ ᠰᠤᠷᠭᠠᠭᠤᠯᠢ ᠳᠤ | ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠰᠠᠨ ᠰᠢᠯᠭᠠᠭᠤᠯᠤᠬᠴᠢ ᠳᠤ ᠬᠠᠨᠳᠤᠭᠤᠯᠤᠨ | ᠵᠢᠩᠬᠢᠨᠢ ᠠᠩᠬᠢ ᠪᠠ ᠲᠤᠰᠬᠠᠢ ᠮᠡᠷᠬᠡᠵᠢᠯ ᠤᠨ ᠠᠩᠬᠢ ᠶᠢᠨ ᠡᠩ ᠤᠨ ᠪᠦᠯᠦᠭ ᠤᠳᠠᠭ᠎ᠠ ᠶᠢᠨ ᠡᠷᠡᠮᠡᠯᠵᠡᠯ ᠰᠤᠩᠭᠤᠬᠤ | ᠦᠢᠯᠡᠴᠢᠯᠡᠭᠡ ᠶᠢ ᠰᠦᠢᠳᠬᠡᠯ ᠬᠤᠷᠢᠶᠠᠬᠤ ᠦᠬᠡᠢ ᠪᠠᠷ ᠬᠠᠨᠭ᠍ᠭᠠᠨ᠎ᠠ᠃ ᠰᠢᠯᠭᠠᠭᠤᠯᠤᠬᠴᠢ ᠬᠤᠪᠢ ᠬᠦᠮᠦᠨ ᠤ | ᠰᠢᠯᠭᠠᠯᠳᠠ ᠶᠢᠨ ᠬᠢᠷᠢ ᠪᠦᠳᠦᠮᠵᠢ᠂ ᠪᠠᠶᠢᠷᠢ ᠶᠢᠨ ᠲᠠᠷᠠᠭᠠᠯᠠᠯ ᠢ ᠦᠨᠳᠦᠰᠦᠯᠡᠨ᠂ ᠦᠡᠭᠭᠡᠷᠡᠭᠰᠡᠨ ᠵᠢᠯ ᠤᠳ ᠤᠨ | ᠡᠯᠰᠡᠭᠰᠡᠨ ᠪᠠᠶᠢᠳᠠᠯ᠂ ᠶᠡᠭᠡ ᠲᠡᠭᠡᠳᠦ ᠰᠤᠷᠭᠠᠭᠤᠯᠢ ᠵᠢᠴᠢ ᠲᠤᠰᠬᠠᠢ ᠮᠡᠷᠬᠡᠵᠢᠯ ᠤᠨ ᠬᠠᠨᠤᠮᠵᠢ ᠶᠢᠨ ᠬᠡᠮᠵᠢᠶ᠎ᠡ᠂ ᠠᠵᠢᠯ | ᠤᠯᠤᠬᠰᠠᠨ ᠪᠠᠶᠢᠳᠠᠯ ᠵᠡᠷᠭᠡ ᠤᠯᠠᠨ ᠲᠠᠯ᠎ᠠ ᠶᠢᠨ ᠲᠤᠭ᠎ᠠ ᠪᠠᠷᠢᠮᠳᠠ ᠪᠠᠷ ᠯᠠᠪᠯᠠᠯᠳᠠ ᠪᠤᠯᠭᠠᠵᠦ᠂ ᠬᠤᠪᠢ ᠬᠦᠮᠦᠨ ᠤ | ᠬᠦᠰᠡᠯ ᠵᠤᠷᠢᠯᠳᠠ ᠲᠠᠢ ᠪᠠᠨ ᠤᠶᠠᠯᠳᠤᠭᠤᠯᠤᠨ ᠡᠷᠡᠮᠡᠯᠵᠡᠯ ᠰᠤᠩᠭᠤᠨ ᠲᠠᠬᠯᠠᠵᠦ ᠪᠤᠯᠤᠨ᠎ᠠ᠃ ︵︽ᠲᠤᠮᠳᠠᠳᠤ | ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |