ᠡᠨᠡ ᠬᠡᠳᠦᠨ ᠡᠳᠦᠷ᠂ ᠬᠢᠨᠭ᠍ᠭᠠᠨ ᠠᠶᠢᠮᠠᠬ ᠲᠤ ᠬᠤᠪᠢᠰᠬᠠᠯ ᠤᠨ ᠤᠳᠤᠮᠰᠢᠯ ᠢ ᠤᠯᠠᠮᠵᠢᠯᠠᠨ | ᠵᠠᠯᠭᠠᠮᠵᠢᠯᠠᠬᠤ ᠪᠠᠷ ᠰᠠᠭᠤᠷᠢ ᠪᠣᠯᠭᠠᠭᠰᠠᠨ ᠵᠠᠯᠠᠭᠤᠴᠤᠳ ᠪᠠᠭᠠᠴᠤᠳ ᠢ ᠬᠥᠮᠦᠵᠢᠭᠦᠯᠬᠦ ᠦᠢᠯᠡᠳᠦᠯᠭᠡ ᠶᠢᠨ ᠠᠵᠢᠯᠯᠠᠭ᠎ᠠ | ᠶᠠᠬ ᠢᠳᠡ ᠬᠦᠭ ᠲᠠᠢ ᠶᠠᠪᠤᠭᠳᠠᠵᠦ ᠡᠬᠢᠯᠡᠵᠡᠢ᠃ ᠡᠨᠡ ᠨᠢ ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠶᠣᠰᠣ ᠰᠤᠷᠲᠠᠬᠤᠨ ᠢᠶᠠᠷ | ᠬᠥᠮᠦᠨ ᠢ ᠬᠥᠮᠦᠵᠢᠭᠦᠯᠬᠦ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢ ᠬᠠᠯᠠᠮᠵᠢᠯᠠᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ︾ ᠪᠠᠷ ᠭᠤᠣᠯ ᠪᠣᠯᠭᠠᠨ᠂ ᠦᠵᠡᠯ | ᠰᠠᠨᠠᠭ᠎ᠠ ᠪᠠᠷ ᠬᠦᠳᠦᠯᠦᠨ ᠳᠠᠭᠠᠭᠤᠯᠬᠤ᠂ ᠨᠠᠮ ᠤᠨ ᠪᠠᠶᠢᠭᠤᠯᠤᠯᠲᠠ ᠶᠢ ᠪᠠᠲᠤᠯᠠᠬᠤ᠂ ᠬᠤᠪᠢᠰᠬᠠᠯ ᠤᠨ ᠤᠯᠠᠮᠵᠢᠯᠠᠯ᠂ | ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ︽ᠲᠦᠷᠪᠡ ᠶᠢ ᠨᠢᠭᠡ ᠴᠤᠬᠴᠠᠵᠢᠭᠤᠯᠬᠤ︾ ᠠᠵᠢᠯ ᠤᠨ | ᠰᠢᠰᠲ᠋ᠧᠮ ᠢ ᠪᠠᠶᠢᠭᠤᠯᠵᠤ᠂ ᠳᠤᠬᠠᠢ ᠶᠢᠨ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠦᠬᠡᠳᠡ ᠡᠰᠡᠷᠡᠭ | ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠭ᠎ᠠ | ᠲᠤᠬᠠᠢ ᠪᠤᠳᠠᠳᠤ ᠲᠦᠷᠰᠤᠯᠡᠯ ᠪᠤᠯᠤᠨ᠎ᠠ᠃ | ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠤᠯ ᠢ ᠪᠠᠳᠠᠷᠠᠭᠤᠯᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ | ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠦᠷᠢᠯᠳᠦᠬᠦᠨ | ᠨᠢᠭᠡᠴᠢ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠡᠯ᠎ᠡ ᠪᠦᠷᠢᠯᠳᠦᠬᠦᠨ ᠨᠢᠭᠡᠴᠢ ᠶᠢᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠳᠦ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ | ᠪᠠᠶᠢᠷᠢᠰᠢᠯ ᠢ ᠪᠣᠶ ᠪᠣᠯᠭᠠᠬᠰᠠᠨ ᠪᠠᠶᠢᠨ᠎ᠠ᠃ ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ ᠤᠨ ᠬᠢᠨ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠠᠢ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠲᠠᠪᠤᠨ | ᠠᠬᠠᠮᠠᠳ︾ ᠤᠨ ᠪᠣᠯᠪᠠᠰᠤᠷᠠᠯ ᠢ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠳᠤ | ᠣᠷᠣᠭᠤᠯᠵᠤ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠪᠠᠰᠤᠷᠠᠯ ᠤᠨ ᠲᠣᠭᠲᠠᠴᠠ ᠶᠢ | ᠪᠠᠶᠢᠭᠤᠯᠵᠤ᠂ ︽ᠲᠠᠪᠤᠨ ᠠᠬᠠᠮᠠᠳ︾ ᠤᠨ ᠡᠩᠨᠡᠭᠡ ᠶᠢᠨ ᠪᠠᠶᠢᠭᠤᠯᠤᠯᠲᠠ ᠳᠤ ᠬᠦᠴᠦᠲᠡᠶ ᠳᠡᠮᠵᠢᠯᠭᠡ ᠬᠠᠩᠭᠠᠪᠠ᠃ | ᠬᠤᠪᠢᠰᠬᠠᠯᠳᠦ ᠬᠦᠮᠦᠵᠢᠯ ᠨᠢ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠳᠠ ᠶᠢᠨ ᠵᠠᠮ ᠢ | ᠰᠠᠷᠠᠭᠤᠯᠵᠢᠭᠤᠯᠤᠨ᠎ᠠ | ︽1947 ᠣᠨ ᠤ 4 ᠰᠠᠷ᠎ᠠ ᠶᠢᠨ 23 ᠤ ᠡᠳᠦᠷ ᠠᠴᠠ 5 ᠰᠠᠷ᠎ᠠ ᠶᠢᠨ 2 ᠤᠨ ᠡᠳᠦᠷ ᠪᠣᠯᠲᠠᠯ᠎ᠠ᠂ | ᠥᠪᠥᠷ ᠮᠣᠩᠭᠤᠯ ᠤᠨ ᠠᠩᠬᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠡ᠊ᠨᠳᠡ | ᠬᠤᠷᠠᠯᠳᠤᠵᠠᠢ ᠁︾ ᠭᠡᠵᠦ ︽5 · 1︾ ᠬᠤᠷᠠᠯ ᠤᠨ ᠭᠡᠷ ᠲᠤ ᠤᠯᠠᠭᠠᠨᠬᠤᠲᠠ ᠶᠢᠨ ᠾᠧ ᠫᠢᠩ ᠨᠢᠭᠡᠳᠦᠭᠡᠷ | ᠪᠠᠭ᠎ᠠ ᠰᠤᠷᠭᠠᠭᠤᠯᠢ ᠶᠢᠨ ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾ ᠳ᠋ᠢᠩ ᠸᠧᠢ ᠲᠦᠩ ᠶᠠᠷᠢᠵᠦ | ᠳᠠᠶᠢᠯᠪᠤᠷᠢᠯᠠᠵᠦ ᠪᠠᠶᠢᠯ᠎ᠠ᠃ ᠳᠡᠷᠡ ᠨᠢᠭᠡᠨᠳᠡ ᠭᠤᠷᠪᠠᠨ ᠵᠢᠯ ᠳᠠᠷᠠᠭᠠᠯᠠᠨ ︽5 · 1︾ ᠬᠤᠷᠠᠯ ᠤᠨ ᠭᠡᠷ ᠤᠨ | ᠪᠢᠴᠢᠬᠠᠨ ᠳᠠᠶᠢᠯᠪᠤᠷᠢᠯᠠᠬᠴᠢ ᠶᠢᠨ ᠳᠤᠰᠢᠶᠠᠯ ᠢ ᠡᠬᠦᠷᠭᠡᠯᠡᠵᠦ᠂ ᠬᠤᠯᠠ ᠤᠶᠢᠷ᠎ᠠ ᠶᠢᠨ ᠵᠢᠭᠤᠯᠴᠢᠯᠠᠬᠴᠢᠳ ᠲᠤ | ᠬᠢᠨᠭ᠍ᠭᠠᠨ ᠤ ᠬᠤᠪᠢᠰᠬᠠᠯᠳᠦ ᠳᠡᠤᠭᠡᠨ ᠦᠯᠢᠭᠡᠷ ᠢ ᠶᠠᠷᠢᠵᠦ ᠦᠪᠡᠷ ᠢ ᠪᠠᠨ ᠳᠠᠪᠳᠠᠨ ᠪᠤᠯᠪᠠᠰᠤᠷᠠᠭᠤᠯᠤᠨ᠎ᠠ᠃ | ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ | ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ︽ᠨᠢᠭᠡ ᠣᠷᠳᠣᠨ ᠭᠤᠷᠪᠠᠨ ᠪᠠᠭᠤᠷᠢ︾᠂ ︽ᠬᠢᠩᠭᠠᠨ ᠠᠶᠢᠮᠠᠬ ᠤᠨ ᠬᠥᠳᠡᠭᠡ ᠲᠣᠰᠬᠤᠨ ᠤ ᠨᠢᠭᠡᠳᠦᠭᠡᠷ ᠨᠠᠮ ᠤᠨ | ᠡᠭᠦᠷ︾ ᠵᠡᠷᠭᠡ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠤᠬᠡ ᠢᠢᠨ | ᠬᠥᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ᠪᠠᠶᠠᠯᠢᠭ ᠰᠠᠶᠢᠬᠠᠨ ᠭᠤᠤᠯ ᠰᠡᠳᠦᠪᠲᠦ ᠠᠵᠢᠯᠯᠠᠭ᠎ᠠ | ᠥᠷᠨᠢᠭᠦᠯᠪᠡ᠃ ᠡᠭᠦᠨ ᠳᠤ᠂ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠬᠢᠭᠡᠳ | ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠬᠢᠨᠭ᠍ᠭᠠᠨ ᠠᠶᠢᠮᠠᠭ ᠤᠨ ᠬᠤᠷᠢᠶ᠎ᠠ ᠬᠠᠮᠲᠤᠷᠠᠨ ᠰᠢᠨ᠎ᠡ ᠪᠠᠷ ᠪᠠᠶᠢᠭᠤᠯᠤᠭᠰᠠᠨ ︽ | ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾ ᠶᠢᠨ ᠨᠠᠷᠠᠲᠤ ᠲᠡᠮᠳᠡᠭ ᠢᠯᠡᠳᠲᠡ ᠦᠷ᠎ᠡ ᠪᠦᠲᠦᠮᠵᠢ ᠤᠯᠪᠠ᠃ | 2024 ᠣᠨ ᠳᠤ᠂ 200 ᠭᠠᠷᠤᠶ ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾ ᠰᠦᠯᠵᠢᠶᠡᠨ ᠭᠠᠳᠠᠨᠠᠬᠢ | ᠪᠣᠯᠪᠠᠰᠤᠷᠠᠯ᠂ ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠣᠯᠭ᠎ᠠ ᠳᠤ ᠣᠷᠣᠯᠴᠠᠵᠤ᠂ ᠡᠪᠦᠯ ᠵᠣᠨ ᠤ | ᠠᠮᠠᠷᠠᠯᠲᠠ ᠶᠢᠨ ᠬᠤᠭᠤᠴᠠᠭᠠᠨ ᠤ ᠡᠭᠡᠯᠵᠢᠯᠡᠨ ᠲᠠᠶᠢᠯᠪᠤᠷᠢᠯᠠᠬᠤ ᠠᠵᠢᠯᠯᠠᠭ᠎ᠠ ᠳᠤ 2600 ᠭᠠᠷᠤᠶ ᠤᠳᠠᠭ᠎ᠠ | ᠣᠷᠣᠯᠴᠠᠵᠤ᠂ ᠵᠢᠭᠤᠯᠴᠢᠯᠠᠬᠰᠠᠳ ᠲᠤ 13 ᠲᠦᠮᠡ ᠰᠢᠬᠠᠮ ᠬᠥᠮᠦᠨ ᠤᠳᠠᠭ᠎ᠠ ᠦᠢᠯᠡᠴᠢᠯᠡᠪᠡ︔ ᠭᠤᠤᠯ | ᠰᠡᠳᠦᠪᠲᠦ ᠬᠥᠮᠦᠵᠢᠯ ᠤᠨ ᠠᠵᠢᠯᠯᠠᠭ᠎ᠠ ᠪᠠ ᠬᠤᠪᠢᠰᠬᠠᠯ ᠤᠨ ᠰᠤᠳᠤᠯᠤᠨ ᠰᠤᠷᠤᠯᠴᠠᠬᠤ ᠲᠠᠶᠢᠯᠤᠮᠵᠢ 88 ᠲᠠᠯᠠᠪᠤᠷ ︵ | ᠤᠳᠠᠭ᠎ᠠ︶ ᠥᠷᠨᠢᠭᠦᠯᠵᠦ᠂ 2 ᠲᠦᠮᠡ ᠰᠢᠬᠠᠮ ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠪᠡ᠃ | ︽ᠲᠠᠪᠤᠨ ᠠᠬᠠᠮᠠᠳ︾ ᠤᠨ ᠤᠯᠤᠰ ᠲᠥᠷᠥ ᠶᠢᠨ ᠳᠠᠪᠠᠭᠤᠯᠢᠭ ᠬᠢᠭᠡᠳ ᠬᠤᠪᠢᠰᠬᠠᠯ ᠤᠨ ᠡᠬᠢ | ᠪᠠᠶᠠᠯᠢᠭ ᠤᠨ ᠬᠥᠮᠦᠨ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠬᠤ ᠶᠢᠨ ᠲᠥᠯᠥᠭᠡ᠂ ᠠᠶᠢᠮᠠᠭ ᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠳᠠᠪᠠᠭᠤᠯᠢᠭ ᠢᠶᠠᠨ ᠠᠰᠢᠭᠯᠠᠨ᠂ ᠪᠥᠬᠦ ᠠᠶᠢᠮᠠᠭ ᠤᠨ ᠡᠯ᠎ᠡ | ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ︽ᠰᠢᠨ᠎ᠡ ᠴᠠᠭ | ᠦᠶ᠎ᠡ ᠶᠢᠨ ᠰᠢᠨ᠎ᠡ ᠲᠠᠷᠢᠶᠠᠴᠢᠳ︾ ᠵᠡᠷᠭᠡ ᠨᠢᠭᠡ ᠪᠦᠯᠦᠭ ᠨᠠᠷᠠᠲᠤ ᠲᠡᠮᠳᠡᠭ ᠤᠨ ᠵᠢᠱᠢᠶ᠎ᠡ ᠦᠵᠡᠭᠦᠯᠬᠦ | ᠬᠢᠴᠢᠶᠡᠯᠯᠡᠭᠡ ᠶᠢ ᠦᠷᠨᠢᠬᠦᠯᠪᠡ᠃ ᠡᠨᠡ ᠵᠢᠯ ᠤᠨ 5 ᠰᠠᠷ᠎ᠠ ᠳᠤ᠂ ᠠᠶᠢᠮᠠᠭ ᠤᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠮᠡᠳᠡᠭᠦᠯᠦᠯᠲᠡ ᠶᠢᠨ ᠪᠦᠯᠬᠦᠮ ᠡᠯ᠎ᠡ ᠬᠤᠰᠢᠭᠤ ᠰᠢᠶᠠᠨ ᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠳᠤ ︽ᠦᠳᠡᠯᠦᠭᠡ ᠵᠠᠯᠠᠭᠤ ᠪᠠᠭᠠᠴᠤᠤᠨ ᠬᠠᠮᠲᠤ ᠪᠠᠷ ᠨᠠᠮ ᠤᠨ ᠠᠴᠢ ᠶᠢ ᠮᠠᠭᠲᠠᠨ | ᠳᠠᠭᠤᠯᠠᠵᠤ ᠭᠠᠷ ᠬᠤᠯᠪᠣᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠤᠬᠠᠭᠤᠯᠤᠨ | ᠲᠠᠶᠢᠯᠪᠤᠷᠢᠯᠠᠬᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠳᠣᠬᠠᠨ ᠳᠤ ᠨᠢᠭᠡᠨᠲᠡ 78 ᠲᠠᠯᠠᠪᠤᠷ ᠤᠳᠠᠭ᠎ᠠ | ᠥᠷᠨᠢᠭᠦᠯᠵᠦ᠂ 2 ᠲᠦᠮᠡ ᠰᠢᠬᠠᠮ ᠰᠣᠷᠣᠭᠴᠢ ᠳᠤ ᠰᠤᠷᠭᠠᠨ ᠬᠥᠮᠦᠵᠢᠯ ᠭᠥᠷᠳᠡᠪᠡ᠃ ᠣᠶᠢᠷ᠎ᠠ ᠶᠢᠨ ᠵᠢᠯ ᠳᠤ᠂ | ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ | ᠮᠡᠳᠡᠭᠦᠯᠦᠯᠲᠡ ᠶᠢᠨ ᠪᠦᠯᠬᠦᠮ ᠵᠢᠯ ᠪᠦᠷᠢ ᠳᠤᠮᠳᠠᠴᠢ ᠪᠠᠷ ᠡᠯ᠎ᠡ ᠲᠥᠷᠥᠯ ᠤᠨ ᠭᠤᠤᠯ ᠰᠡᠳᠦᠪᠲᠦ ᠤᠬᠠᠭᠤᠯᠤᠨ | ᠲᠠᠶᠢᠯᠪᠤᠷᠢᠯᠠᠯᠲᠠ ᠶᠢ 900 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ 10 ᠲᠦᠮᠡ ᠰᠢᠬᠠᠮ ᠬᠥᠮᠦᠨ ᠤᠳᠠᠭ᠎ᠠ | ᠬᠥᠮᠦᠵᠢᠯ ᠭᠥᠷᠳᠡᠭᠡᠪᠡ᠃ ᠴᠢᠨᠠᠷ ᠰᠠᠶᠢᠲᠠᠶ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠵᠠᠯᠠᠭᠤᠴᠤᠳ | ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠠᠭᠤᠤ ᠶᠡᠭᠡ | ᠠᠮᠵᠢᠯᠲᠠ ᠪᠦᠲᠦᠮᠵᠢ ᠶᠢ ᠭᠦᠨᠵᠡᠭᠡᠶ ᠲᠠᠨᠢᠭᠤᠯᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠭᠢᠯᠭᠡ ᠪᠠ | ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠵᠦ᠂ ᠨᠠᠮ᠂ ᠡᠬᠡ ᠤᠯᠤᠰ ᠪᠠ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ | ᠰᠡᠳᠭᠢᠯᠭᠡ ᠶᠢ ᠨᠢ ᠨᠡᠮᠡᠭᠳᠡᠭᠦᠯᠪᠡ᠃ | ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠵᠦ ᠪᠥᠬᠦ ᠲᠠᠯ᠎ᠠ ᠪᠠᠷ ᠬᠦᠭᠵᠢᠬᠦ ᠳᠤ ᠬᠦᠴᠦᠨ | ᠨᠡᠮᠡᠷᠢᠯᠡᠨ᠎ᠡ | ︽ᠡᠮᠦᠨᠡᠳᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠣᠯᠤᠨ | ᠨᠡᠶᠢᠭᠡᠮ ᠤᠨ ᠬᠠᠶᠢᠷ᠎ᠠ ᠰᠡᠳᠬᠢᠯᠳᠦ ᠬᠥᠮᠦᠰ ᠤᠨ ᠮᠦᠡᠭᠬᠦ ᠬᠠᠨᠳᠢᠪᠯᠡᠠ ᠰᠤᠷᠤᠯᠭ᠎ᠠ ᠶᠢ ᠳᠡᠳᠬᠦᠭᠰᠡᠨ ᠳᠤ ᠲᠠᠯᠠᠷᠬᠠᠵᠤ | ᠪᠠᠶᠢᠨ᠎ᠠ᠂ ᠪᠢᠳᠡ ᠨᠠᠩ ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠤᠨ ᠠᠴᠢ ᠶᠢ | ᠬᠠᠷᠢᠭᠤᠯᠤᠨ᠎ᠠ︾ ᠭᠡᠵᠤ 2024 ᠣᠨ ᠤ 12 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠮᠦᠰᠢᠶᠡᠯ ᠪᠣᠯᠤᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠢ ᠰᠢᠤ ᠸᠧᠨ ᠳᠤᠮᠳᠠᠳᠤ ᠶᠢᠨ ᠨᠣᠮ ᠤᠩᠰᠢᠬᠤ | ᠬᠤᠷᠠᠯ ᠪᠣᠯᠤᠨ ᠡᠮᠦᠨᠡᠲᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ | ᠳᠡᠳᠬᠦᠮᠵᠢ ᠶᠢᠨ ᠮᠦᠡᠭᠬᠦ ᠶᠢ ᠳᠤᠰᠴᠦ ᠰᠡᠳᠭᠢᠯ ᠳᠣᠭᠳᠣᠯᠤᠨ ᠶᠠᠷᠢᠯ᠎ᠠ᠃ | ᠳᠤᠮᠳᠠᠳᠤ ᠶᠢᠨ ᠨᠣᠮ ᠤᠩᠰᠢᠬᠤ ᠬᠤᠷᠠᠯ ᠤᠨ ᠯᠢ ᠴᠧᠨ ᠠᠪᠠᠭ᠋ᠠᠶ ᠠᠴᠠ ᠬᠤᠷᠴᠢᠨ ᠪᠠᠷᠠᠭᠤᠨ ᠭᠠᠷᠤᠨ | ᠡᠮᠦᠨᠡᠳᠦ ᠬᠤᠰᠢᠭᠤᠨ ᠤ ᠶᠠᠳᠠᠭᠤ ᠬᠦᠴᠢᠷᠳᠠᠯᠳᠠᠢ ᠰᠤᠷᠤᠬᠴᠢ ᠶᠢ ᠭᠤᠷᠪᠠᠨ ᠵᠢᠯ ᠳᠠᠷᠠᠭᠠᠯᠠᠨ ᠬᠠᠪᠰᠤᠷᠤᠨ ᠳᠡᠳᠬᠦᠵᠦ | ᠪᠤᠢ᠃ ᠳᠡᠷᠡ ᠨᠠᠰᠦ ᠪᠠᠷᠠᠬᠰᠠᠨ ᠤ ᠰᠡᠬᠦᠯᠡᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠨ ᠳᠡᠬᠦᠨ ᠤ ᠭᠡᠷᠢᠶᠡᠰ ᠶᠤᠰᠤᠭᠠᠷ ᠪᠠᠰᠠ ᠬᠤᠶᠠᠷ ᠵᠢᠯ | ᠳᠠᠷᠠᠭᠠᠯᠠᠨ ᠳᠤᠰ ᠬᠤᠶᠠᠷ ᠰᠤᠷᠤᠬᠴᠢ ᠶᠢ ᠦᠷᠬᠦᠯᠵᠢᠯᠡᠨ ᠬᠠᠪᠰᠤᠷᠤᠨ ᠳᠡᠳᠬᠦᠵᠠᠢ᠃ | ᠣᠶᠢᠷ᠎ᠠ ᠶᠢᠨ ᠵᠢᠯ ᠳᠤ᠂ ᠬᠢᠨᠭ᠍ᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠵᠥᠪᠯᠡᠯ ᠢᠮᠠᠭᠲᠠ ᠵᠠᠯᠠᠭᠤᠴᠤᠳ ᠪᠠᠭᠠᠴᠤᠳ ᠲᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ︽ᠲᠠᠪᠤᠨ ᠠᠬᠠᠮᠠᠳ︾ | ᠤᠨ ᠳᠠᠪᠠᠭᠤᠯᠢᠭ ᠢ ᠪᠠᠳᠠᠷᠠᠭᠤᠯᠤᠨ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃ | ︽ᠲᠠᠪᠤᠨ ᠠᠬᠠᠮᠠᠳ︾ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠵᠣᠭᠤᠰ ᠮᠥᠩᠭᠦ ᠡᠳ᠋ ᠪᠣᠳᠠᠰ ᠬᠠᠨᠳᠢᠪᠯᠠᠬᠰᠠᠨ | ᠮᠦᠷᠳᠡᠭᠡᠨ ᠨᠡᠶᠢᠭᠡᠮ ᠤᠨ ᠬᠦᠴᠦᠨ ᠢ ᠲᠠᠶᠢᠴᠢᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ᠂ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠬᠦᠴᠢᠷᠳᠡᠯ ᠳᠤ | ᠲᠤᠯᠭᠠᠷᠠᠭᠰᠠᠨ ᠵᠠᠯᠠᠭᠤᠴᠤᠳ ᠪᠠᠭᠠᠴᠤᠳ ᠲᠤ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠤᠯᠭᠤᠪᠠ᠃ 2024 | ᠣᠨ ᠳᠤ᠂ ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ | ᠪᠠᠭᠠᠴᠤᠳ ᠭᠡᠤᠭᠡᠳ ᠢ ᠬᠠᠶᠢᠷᠠᠯᠠᠨ ᠬᠠᠯᠠᠮᠵᠢᠯᠠᠵᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ︾ ᠵᠠᠯᠠᠭᠤᠴᠤᠳ | ᠪᠠᠭᠠᠴᠤᠳ ᠲᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢᠴᠢ ᠬᠡᠷ ᠪᠦᠯᠢ ᠶᠢᠨ ᠬᠥᠮᠦᠵᠢᠯ ᠤᠨ ᠲᠠᠶᠢᠯᠤᠮᠵᠢ ᠶᠢ 505 | ᠤᠳᠠᠭ᠎ᠠ ᠥᠷᠨᠢᠭᠦᠯᠵᠦ᠂ 11 ᠲᠦᠮᠡᠨ ᠬᠥᠮᠦᠨ ᠤᠳᠠᠭ᠎ᠠ ᠰᠣᠷᠣᠭᠴᠢ ᠵᠢᠴᠢ ᠬᠡᠷ ᠤᠨ ᠠᠬᠠᠮᠠᠳ ᠲᠤ ᠠᠰᠢᠭ | ᠬᠦᠷᠲᠡᠭᠡᠪᠡ᠃ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ | ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠮᠠᠭᠠᠯᠠᠬᠤ ᠲᠠᠯ᠎ᠠ ᠪᠠᠷ᠂ ᠪᠥᠬᠦ ᠠᠶᠢᠮᠠᠭ ᠤᠨ ᠡᠯ᠎ᠡ ᠱᠠᠲᠤᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ 2627 ᠨᠡᠷᠡᠰ ᠰᠤᠷᠤᠭᠴᠢ ᠶᠢ ᠬᠠᠪᠰᠤᠷᠤᠨ ᠲᠡᠳᠬᠦᠪᠡ᠂ | ᠡᠭᠦᠨ ᠳᠤ ︽ᠨᠢᠭᠡ ᠨᠢᠭᠡ︾ ᠶᠢᠨ ᠬᠤᠤᠰᠯᠠᠯ ᠪᠠᠶᠢᠭᠤᠯᠤᠨ 1122 ᠬᠥᠮᠦᠨ ᠢ ᠬᠠᠯᠠᠮᠵᠢᠯᠠᠨ ᠳᠡᠳᠬᠦᠪᠡ᠃ | ᠠᠵᠢᠯ ᠤᠨ ᠳᠠᠯ᠎ᠠ ᠪᠠᠷ ᠰᠢᠨ᠎ᠠ ᠶᠢ ᠡᠬᠦᠳᠪᠡ | 2024 ᠣᠨ ᠤ 12 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠠᠴᠠ ᠪᠥᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠳᠤ ᠬᠦᠴᠦᠨ ᠨᠡᠮᠡᠷᠢᠯᠡᠭᠰᠡᠨ 27 ᠰᠢᠯᠢᠳᠡᠭ ᠬᠡᠷᠡᠭ ᠤᠨ ᠵᠢᠱᠢᠶ᠎ᠡ ᠶᠢ ᠨᠡᠶᠢᠳᠡᠯᠡᠪᠡ᠃ ᠡᠬᠦᠨ ᠳᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠨᠢ ᠦᠷᠡᠵᠢᠬᠦᠯᠤᠨ ᠳᠡᠵᠢᠭᠡᠵᠦ ᠵᠠᠯᠠᠭᠤ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ | ᠲᠥᠷᠥᠯ ᠵᠦᠢᠯ ᠰᠣᠩᠭᠤᠭᠳᠠᠨ ᠣᠷᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ | ᠭᠠᠭᠴᠠ ᠰᠣᠩᠭᠤᠭᠳᠠᠭᠰᠠᠨ ᠨᠢᠭᠡᠴᠢ ᠪᠣᠯᠪᠠ᠃ | ︽ᠪᠢᠴᠢᠬᠠᠨ ᠬᠤᠪᠢᠰᠬᠠᠯ ᠤᠨ ᠲᠠᠶᠢᠯᠪᠤᠷᠢᠯᠠᠭᠴᠢ︾ ᠶᠢᠨ ᠲᠦᠷᠦᠯ ᠲᠡᠮᠳᠡᠭ ᠨᠢ ᠮᠠᠰᠢ ᠤᠯᠠᠨ | ᠵᠢᠭᠤᠯᠴᠢᠯᠠᠬᠴᠢᠳ ᠪᠠ ᠵᠠᠯᠠᠭᠤᠴᠤᠳ ᠪᠠᠭᠠᠴᠤᠳ ᠲᠤ ᠦᠢᠯᠡᠴᠢᠯᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠦᠴᠦᠨ ᠴᠢᠳᠠᠯ ᠢᠶᠠᠨ ᠡᠷᠭᠦᠨ᠎ᠡ︔ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠬᠤᠨᠢ ᠦᠷᠡᠵᠢᠬᠦᠯᠤᠨ ᠳᠡᠵᠢᠭᠡᠵᠦ ᠵᠠᠯᠠᠭᠤ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠦᠷᠦᠯ ᠵᠦᠢᠯ ᠨᠢ | ᠵᠠᠯᠠᠭᠤ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠪᠡ᠃ ᠡᠳᠡᠭᠡᠷ ᠤᠨᠴᠠᠯᠢᠭᠳᠤ ᠲᠦᠷᠦᠯ ᠵᠦᠢᠯ ᠤᠨᠢᠨ ᠳᠡᠭᠡᠷ᠎ᠡ ᠨᠢ ᠥᠨᠳᠥᠷ | ᠪᠦᠲᠦᠮᠵᠢᠲᠡᠢ ᠪᠠᠶᠢᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠡᠯᠪᠡᠭ | ᠪᠠᠶᠠᠯᠢᠭ ᠦᠷ᠎ᠡ ᠪᠦᠲᠦᠭᠡᠯ ᠲᠠᠢ ᠪᠤᠯᠭᠠᠵᠠᠢ᠃ | ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠦᠢᠯᠡᠳᠦᠯᠭᠡᠵᠢᠭᠦᠯᠵᠦ᠂ ᠬᠤᠪᠢᠰᠬᠠᠯ ᠤᠨ ᠭᠠᠯ ᠭᠤᠯᠤᠮᠳᠠ ᠶᠢ | ᠤᠯᠠᠮᠵᠢᠯᠠᠵᠤ᠂ ᠨᠡᠩ ᠤᠯᠠᠨ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ | ᠵᠦᠳᠡᠭᠦᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠢ | ᠬᠥᠮᠦᠵᠢᠭᠦᠯᠵᠦ᠂ ᠬᠢᠯᠢ ᠬᠢᠵᠠᠭᠠᠷ ᠤᠨ ᠲᠣᠭᠲᠠᠭᠤᠨ ᠪᠠ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ | ᠴᠢᠳᠠᠯ ᠢᠶᠠᠨ ᠡᠷᠭᠦᠬᠦ ᠪᠤᠯᠤᠨ᠎ᠠ᠃ · ᠪᠤᠤ ᠢ ᠵᠢᠩ ᠬᠣ᠋ ᡁᠢ ᠮᠢᠨ · |