ᠡᠨᠡ ᠵᠢᠯ᠂ ᠷᠠᠰᠢᠶᠠᠨ ᠬᠤᠲᠠ ᠠᠩᠬ᠎ᠠ ᠤᠳᠠᠭ᠎ᠠ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ | ᠰᠢᠶᠠᠨ︶︾ ᠶᠢᠨ ᠢᠷᠠᠭᠤ ᠠᠯᠳᠠᠷ ᠢ ᠬᠦᠷᠲᠡᠪᠡ᠃ ᠡᠨᠡ ᠨᠢ ᠡᠬᠡ ᠤᠯᠤᠰ ᠤᠨ ᠤᠮᠠᠷᠠᠳᠤ ᠬᠢᠯᠢ ᠳᠤ ᠪᠠᠶᠢᠷᠢᠯᠠᠵᠦ ᠪᠠᠶᠢᠭ᠎ᠠ | ᠷᠠᠰᠢᠶᠠᠨ ᠬᠤᠳᠠ ᠶᠢᠨ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ ᠬᠦᠷᠢᠶᠡᠯᠡᠬᠦ︾ ᠠᠵᠢᠯ | ᠲᠡᠤᠬᠡ ᠶᠢᠨ ᠰᠢᠨ᠎ᠡ ᠨᠢᠬᠡᠨ ᠱᠠᠳᠤ ᠦᠶ᠎ᠡ ᠶᠢ ᠤᠭᠳᠤᠨ ᠠᠪᠤᠭᠰᠠᠨ ᠢ ᠬᠠᠷᠠᠭᠤᠯᠵᠦ ᠪᠤᠢ᠃ ᠡᠨᠡᠬᠦ ᠦᠡᠭᠬᠡ ᠬᠡᠷᠡᠯᠳᠡᠢ | ᠮᠦᠷᠳᠡᠬᠡᠨ ᠲᠦᠪ ᠴᠢᠩᠭ᠎ᠠ ᠢᠷᠠᠭᠤ ᠠᠯᠳᠠᠷ ᠨᠢ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ | ᠤᠳᠤᠷᠢᠳᠬᠤ ᠪᠠᠭ ᠤᠨ ᠬᠢᠨ ᠪᠦᠬᠦ ᠬᠤᠳᠠ ᠶᠢᠨ ᠺᠠᠳ᠋ᠷ ᠤᠯᠠᠨ ᠲᠦᠮᠡᠨ ᠢᠶᠠᠨ ᠪᠦᠯᠬᠦᠮᠳᠡᠬᠦᠯᠤᠨ ᠲᠠᠶᠢᠴᠢᠯᠡᠵᠦ᠂ ᠬᠤᠶᠠᠷ ᠢ | ᠬᠦᠷᠢᠶᠡᠯᠡᠬᠦ ᠵᠤᠷᠢᠭ ᠰᠠᠨᠠᠭ᠎ᠠ ᠶᠢ ᠪᠦᠳᠦᠬᠡᠯᠴᠢ ᠪᠠᠷ ᠦᠢᠯᠡᠳᠦᠯᠬᠡᠵᠢᠬᠦᠯᠦᠭᠰᠡᠨ ᠠᠮᠢᠳᠤᠯᠢᠭ ᠵᠢᠷᠤᠭ ᠲᠦᠷᠰᠦ ᠶᠢ ᠪᠢᠳᠡᠨ ᠳᠤ | ᠲᠡᠯᠬᠡᠨ ᠦᠵᠡᠬᠦᠯᠦᠭᠰᠡᠨ ᠲᠡᠳᠦᠢ ᠦᠬᠡᠢ ᠨᠡᠩ ᠲᠡᠮᠳᠡᠭᠯᠡᠬᠦᠰᠢᠳᠠᠢ ᠨᠢ ᠲᠤᠰ ᠬᠤᠳᠠ ᠶᠢᠨ ᠺᠠᠳ᠋ᠷ ᠤᠯᠠᠨ ᠲᠦᠮᠡᠨ ᠬᠦᠨ | ᠰᠡᠳᠬᠢᠯᠬᠡ ᠲᠠᠢ ᠪᠠᠷ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ ᠬᠦᠷᠢᠶᠡᠯᠡᠬᠦ︾ ᠴᠠᠭ ᠦᠶ᠎ᠡ ᠶᠢᠨ | ᠰᠢᠨ᠎ᠡ ᠲᠤᠤᠯᠢᠰ ᠢ ᠦᠨᠡᠨᠴᠢ ᠬᠠᠶᠢᠷ᠎ᠠ ᠪᠠᠷ ᠢᠶᠠᠨ ᠪᠢᠴᠢᠭᠯᠡᠭᠰᠡᠨ ᠢ ᠲᠤᠰᠬᠠᠨ ᠬᠠᠷᠠᠭᠤᠯᠤᠭᠰᠠᠨ ᠪᠠᠶᠢᠨ᠎ᠠ᠃ | ᠴᠡᠷᠢᠭ ᠢ ᠬᠦᠷᠢᠶᠡᠯᠡᠨ ᠴᠡᠷᠢᠭ ᠬᠦ᠋ᠮᠦᠨ ᠤ ᠬᠡᠷ ᠪᠦᠯᠢ ᠶᠢᠨ ᠬᠢᠨ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠬᠥᠮᠦᠰ ᠤᠨ ᠰᠡᠳᠭᠢᠯ ᠢ ᠳᠤᠯᠠᠭᠠᠴᠠᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢᠨ ᠲᠥᠯᠥᠭᠡ᠂ ᠷᠠᠰᠢᠶᠠᠨ ᠬᠤᠲᠠ ᠠᠯᠢ ᠣᠯᠠᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠲᠣᠭᠲᠠᠭᠠᠵᠤ᠂ ᠴᠡᠷᠢᠭ ᠬᠥᠮᠥᠨ ᠪᠤᠯᠤᠨ ᠴᠡᠷᠢᠭ ᠬᠦ᠋ᠮᠦᠨ ᠤ ᠭᠡᠷ ᠪᠦᠯᠢ ᠶᠢᠨ ᠬᠢᠨ ᠳᠤ ᠪᠣᠳᠠᠲᠠᠢ | ᠬᠠᠷᠠᠭᠠᠯᠵᠠᠯ ᠬᠦᠷᠲᠡᠭᠡᠬᠦ ᠶᠢ ᠦᠨᠡᠨᠬᠦ ᠪᠠᠲᠤᠯᠠᠪᠠ᠃ | ᠷᠠᠰᠢᠶᠠᠨ ᠬᠤᠲᠠ ᠶᠢᠨ ᠪᠠᠩᠬᠢ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ ᠵᠡᠷᠭᠡ ᠬᠠᠮᠢᠶ᠎ᠠ ᠪᠦᠬᠦᠢ ᠨᠢᠭᠡᠴᠢ | ᠰᠠᠶᠢᠨ ᠳᠤᠷ᠎ᠠ ᠶᠢᠨ ᠦᠢᠯᠡᠴᠢᠯᠡᠭᠡᠨ ᠤ ︽ᠴᠡᠷᠢᠭ ᠢ ᠬᠦᠷᠢᠶᠡᠯᠡᠬᠦ ᠬᠤᠯᠪᠣᠭ᠎ᠠ︾ ᠶᠢᠨ ᠬᠡᠯᠡᠯᠴᠡᠭᠡᠷ ᠲᠣᠭᠲᠠᠵᠤ᠂ ᠣᠯᠠᠨ | ᠵᠦᠢᠯ ᠤᠨ ᠬᠠᠷᠠᠭᠠᠯᠵᠠᠯ ᠤᠨ ᠠᠷᠭ᠎ᠠ ᠬᠡᠮᠵᠢᠶ᠎ᠡ ᠭᠠᠷᠭᠠᠪᠠ᠃ ᠷᠠᠰᠢᠶᠠᠨ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ︽ | ᠬᠤᠶᠠᠷ ᠢ ᠬᠦᠷᠢᠶᠡᠯᠡᠬᠦ ᠡᠪᠡᠳᠴᠢᠲᠡᠨ ᠤ ᠥᠷᠥᠭᠡ︾ ᠭᠠᠷᠭᠠᠵᠤ᠂ ᠴᠡᠷᠢᠭ ᠬᠥᠮᠦᠨ ᠪᠤᠯᠤᠨ ᠴᠡᠷᠢᠭ ᠬᠦ᠋ᠮᠦᠨ ᠤ ᠬᠡᠷ | ᠪᠦᠯᠢ ᠳᠤ ᠡᠮ ᠡᠮᠨᠡᠯᠭᠡ ᠡᠷᠡᠭᠦᠯ ᠮᠡᠨᠳᠦ ᠶᠢᠨ ᠬᠠᠷᠠᠭᠠᠯᠵᠠᠯ ᠤᠨ ᠦᠢᠯᠡᠴᠢᠯᠡᠭᠡ ᠬᠠᠩᠭᠠᠪᠠ︔ ᠬᠤᠩ ᠱᠧᠩ ᠨᠡᠶᠢᠲᠡ ᠶᠢᠨ | ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠠᠯᠪᠠ ᠬᠠᠭᠠᠵᠦ ᠪᠠᠶᠢᠭ᠎ᠠ ᠴᠡᠷᠢᠭ᠂ ᠴᠡᠷᠢᠭ ᠠᠴᠠ | ᠬᠠᠯᠠᠭᠳᠠᠭᠰᠠᠳ ᠲᠤ ᠰᠦᠢᠳᠭᠡᠯ ᠬᠤᠷᠢᠶᠠᠬᠤ ᠥᠬᠡᠶ ᠪᠠᠷ ᠰᠠᠭᠤᠬᠤ ᠦᠢᠯᠡᠴᠢᠯᠡᠭᠡ ᠬᠠᠩᠭᠠᠪᠠ᠃ ᠡᠭᠦᠨ ᠠᠴᠠ ᠭᠠᠳᠠᠨ᠎ᠠ᠂ | ᠷᠠᠰᠢᠶᠠᠨ ᠬᠤᠲᠠ ᠶᠢᠨ ᠡᠯ᠎ᠡ ᠲᠣᠮᠣ ᠦᠵᠡᠮᠵᠢ ᠶᠢᠨ ᠣᠷᠣᠨ ᠨᠢ ᠴᠡᠷᠢᠭ ᠬᠥᠮᠦᠨ ᠵᠢᠴᠢ ᠠᠰᠠᠷᠠᠨ ᠬᠠᠷᠠᠭᠠᠯᠵᠠᠬᠤ ᠴᠡᠷᠢᠭ | ᠠᠩᠬᠢ ᠶᠢᠨ ᠬᠦᠮᠦᠰ ᠲᠤ ᠡᠭᠦᠳᠡᠨ ᠪᠢᠯᠧᠲ ᠤᠨ ᠬᠠᠭᠠᠰ ᠦᠨ᠎ᠡ ᠶᠢᠨ ᠬᠠᠷᠠᠭᠠᠯᠵᠠᠯ ᠦᠵᠡᠭᠦᠯᠬᠦ ᠵᠡᠷᠭᠡ ᠬᠠᠷᠠᠭᠠᠯᠵᠠᠯ ᠤᠨ | ᠠᠷᠭ᠎ᠠ ᠪᠤᠳᠤᠯᠭ᠎ᠠ ᠭᠡᠷᠡᠭᠵᠢᠬᠦᠯᠪᠡ᠃ | 2024 ᠣᠨ ᠤ 9 ᠰᠠᠷ᠎ᠠ ᠳᠤ᠂ ᠮᠧᠩ ᠱᠠᠩ ᠪᠠᠩᠬᠢ ᠶᠢᠨ ᠬᠢᠩᠭᠠᠨ ᠠᠶᠢᠮᠠᠭ ᠤᠨ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠶᠢᠨ ᠬᠢᠩᠭᠠᠨ ᠠᠶᠢᠮᠠᠭ ᠤᠨ ᠷᠠᠰᠢᠶᠠᠨ ᠰᠠᠯᠪᠤᠷᠢ ᠪᠠᠩᠬᠢ ︽ᠴᠡᠷᠢᠭ ᠢ ᠬᠦᠷᠢᠶᠡᠯᠡᠬᠦ ᠵᠢᠭᠡᠯᠡᠯᠭᠡ︾ | ᠲᠤᠬᠢᠷᠠᠭᠤᠯᠵᠦ᠂ ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠳᠤ ᠪᠡᠯᠡ ᠮᠦᠡᠭᠬᠦ ᠶᠢᠨ ᠳᠡᠮᠵᠢᠯᠭᠡ | ᠦᠵᠡᠬᠦᠯᠪᠡ︔ ᠷᠠᠰᠢᠶᠠᠨ ᠬᠤᠲᠠ ︽ᠴᠡᠷᠢᠭ ᠤᠨ ᠬᠤᠸᠠᠷᠠᠨ ᠳᠤ ᠬᠦᠨᠵᠡᠬᠡᠶᠢᠷᠡᠬᠦ᠂ ᠲᠥᠷᠥ ᠶᠢᠨ ᠪᠣᠳᠣᠯᠭ᠎ᠠ ᠬᠦᠷᠭᠡᠬᠦ᠂ | ᠠᠵᠢᠯ ᠤᠨ ᠪᠠᠶᠢᠷᠢ ᠬᠦᠷᠭᠡᠬᠦ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠲᠤ ᠠᠵᠢᠯ | ᠤᠯᠭᠤᠵᠦ ᠠᠳᠠᠯ ᠦᠢᠯᠡᠰ ᠴᠣᠭᠴᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠠᠵᠢᠯ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ ᠬᠠᠩᠭᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ | ᠴᠠᠭ ᠲᠤᠬᠠᠶ ᠳᠤᠨᠢ ᠳᠤᠰᠬᠠᠢ ᠭᠡᠷᠡᠭᠯᠡᠭᠡᠨ ᠤ ᠪᠡᠯᠡ ᠮᠦᠡᠭᠬᠦ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠵᠢᠴᠢ ᠠᠰᠠᠷᠠᠨ | ᠬᠠᠷᠠᠭᠠᠯᠵᠠᠬᠤ ᠴᠡᠷᠢᠭ ᠠᠩᠬᠢ ᠶᠢᠨ ᠬᠦᠮᠦᠰ ᠲᠤ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠣᠷᠣᠨ | ᠰᠠᠭᠤᠴᠠ᠂ ᠡᠮᠴᠢᠯᠡᠭᠡ ᠪᠠ ᠠᠮᠢᠳᠤᠷᠠᠯ ᠤᠨ ᠠᠪᠤᠷᠠᠨ ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠪᠠ᠃ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠢᠨ᠎ᠡ | ᠬᠠᠭᠤᠳᠠᠰᠤ ᠶᠢ ᠪᠢᠴᠢᠭᠯᠡᠪᠡ᠃ ᠷᠠᠰᠢᠶᠠᠨ ᠬᠤᠳᠠ ᠳᠤ ᠰᠠᠭᠤᠭ᠎ᠠ ᠴᠡᠷᠢᠭ ᠴᠠᠭᠳᠠᠭ᠎ᠠ ᠶᠢᠨ ᠠᠩᠭᠢ ᠶᠢᠨ ᠬᠢᠨ ᠳᠤᠬᠠᠢ ᠶᠢᠨ | ᠭᠠᠵᠠᠷ ᠤᠷᠤᠨ ᠤ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢ ᠬᠠᠮᠠᠭᠠᠯᠠᠬᠤ ᠪᠠ ᠪᠠᠴᠢᠮ | ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠬᠦᠷᠢᠶᠡᠨ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠬᠤᠲᠠ ᠶᠢᠨ ᠠᠷᠠᠳ ᠲᠠᠢ ᠭᠠᠷ ᠬᠤᠯᠪᠣᠨ ᠡᠶ᠎ᠡ ᠵᠣᠬᠢᠴᠠᠯᠳᠦ ᠬᠡᠷ ᠣᠷᠣᠨ ᠢ ᠬᠠᠮᠲᠤ ᠪᠠᠷ | ᠪᠥᠲᠥᠭᠡᠨ ᠪᠠᠶᠢᠭᠤᠯᠪᠠ᠃ | ︽ᠮᠠᠨ ᠤ ᠰᠤᠷᠭᠠᠭᠤᠯᠢ ᠤᠮᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠡᠳᠦᠷ ᠲᠤᠲᠤᠮ ᠤᠨ ᠵᠢᠭᠠᠨ | ᠰᠤᠷᠭᠠᠯᠲᠠ ᠳᠤ ᠠᠭᠤᠰᠤᠯᠴᠠᠭᠤᠯᠵᠤ᠂ ᠰᠤᠷᠤᠭᠴᠢᠳ ᠢ ᠦᠢᠯᠡᠳᠦᠯᠭᠡ ᠶᠢᠨ ᠳᠤᠮᠳᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠤᠬᠠᠮᠰᠠᠷ ᠢ ᠨᠢ ᠴᠢᠩᠭᠠᠳᠬᠠᠵᠦ ᠪᠤᠢ︾ ᠭᠡᠵᠦ ᠷᠠᠰᠢᠶᠠᠨ ᠬᠤᠳᠠ ᠶᠢᠨ ᠨᠢᠭᠡᠳᠦᠭᠡᠷ ᠪᠠᠭ᠎ᠠ | ᠰᠤᠷᠭᠠᠭᠤᠯᠢ ᠶᠢᠨ ᠵᠠᠬᠢᠷᠤᠯ ᠦ᠋ ᠽᠧᠩ ᠡᠤ ᠲᠠᠨᠢᠯᠴᠠᠭᠤᠯᠤᠨ᠎ᠠ᠃ | ᠳᠤᠰ ᠰᠤᠷᠭᠠᠭᠤᠯᠢ ᠷᠠᠰᠢᠶᠠᠨ ᠬᠤᠳᠠ ᠳᠤ ᠰᠠᠭᠤᠭ᠎ᠠ ᠴᠡᠷᠢᠭ ᠴᠠᠭᠳᠠᠭ᠎ᠠ ᠶᠢᠨ ᠠᠩᠭᠢ ᠯᠤᠭ᠎ᠠ ᠣᠷᠳᠣ | ᠬᠤᠭᠤᠴᠠᠭ᠎ᠠ ᠪᠠᠷ ᠬᠠᠮᠲᠤᠷᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠢ ᠰᠤᠳᠤᠯᠤᠨ | ᠨᠡᠭᠡᠭᠡᠵᠦ᠂ ᠤᠷᠢᠳ ᠬᠤᠵᠢᠳ ᠬᠤᠶᠠᠷ ᠬᠤᠭᠤᠴᠠᠭ᠎ᠠ ︽ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠪᠠᠷ ᠦᠨᠡᠯᠡᠭᠳᠡᠪᠡ᠃ | 2024 ᠤᠨ ᠤ 12 ᠰᠠᠷ᠎ᠠ ᠳᠤ᠂ ᠷᠠᠰᠢᠶᠠᠨ ᠬᠤᠳᠠ ᠶᠢᠨ ᠨᠢᠭᠡᠳᠦᠭᠡᠷ ᠪᠠᠭ᠎ᠠ ᠰᠤᠷᠭᠠᠭᠤᠯᠢ ᠬᠢᠯᠢ ᠬᠢᠵᠠᠭᠠᠷ ᠭᠠᠵᠠᠷ | ᠤᠷᠤᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠨ | ᠵᠤᠬᠢᠶᠠᠨ ᠪᠠᠶᠢᠭᠤᠯᠤᠨ ᠨᠡᠶᠢᠳᠡᠪᠦᠷᠢᠵᠢᠭᠤᠯᠵᠦ᠂ ᠷᠠᠰᠢᠶᠠᠨ ᠬᠤᠳᠠ ᠳᠤ ᠰᠠᠭᠤᠭ᠎ᠠ ᠴᠡᠷᠢᠭ ᠴᠠᠭᠳᠠᠭ᠎ᠠ᠂ ᠷᠠᠰᠢᠶᠠᠨ | ᠬᠤᠳᠠ ᠶᠢᠨ ᠠᠷᠠᠳ ᠤᠨ ᠵᠡᠪᠰᠡᠭᠳᠦ ᠬᠦᠴᠦᠨ ᠤ ᠬᠡᠯᠳᠡᠰ᠂ ᠷᠠᠰᠢᠶᠠᠨ ᠬᠤᠳᠠ ᠶᠢᠨ ᠠᠷᠠᠳ ᠤᠨ ᠶᠠᠪᠤᠳᠠᠯ ᠪᠠ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠲᠠᠢ ᠬᠠᠮᠳᠤ ᠪᠠᠷ ᠪᠠᠶᠢᠭᠤᠯᠬᠤ ᠲᠤᠭᠳᠠᠴᠠ ᠶᠢ ᠪᠠᠶᠢᠭᠤᠯᠵᠤ᠂ | ᠴᠡᠷᠢᠭ ᠤᠨ ᠪᠤᠯᠪᠠᠰᠤᠷᠠᠯ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ | ᠲᠤᠭᠳᠠᠮᠠᠯ ᠬᠤᠭᠤᠴᠠᠭ᠎ᠠ ᠲᠠᠢ ᠪᠠᠷ ᠦᠷᠨᠢᠬᠦᠯᠪᠡ᠃ | ︽ᠷᠠᠰᠢᠶᠠᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠪᠰᠤᠷᠤᠯᠭ᠎ᠠ ᠳᠡᠮᠵᠢᠯᠭᠡ ᠪᠠᠷ᠂ | ᠲᠣᠰᠬᠤᠨ ᠤ ᠬᠠᠮᠲᠤ ᠨᠡᠶᠢᠳᠡ ᠶᠢᠨ ᠠᠵᠤ ᠠᠬᠤᠶ ᠶᠢᠨ ᠣᠷᠣᠯᠭ᠎ᠠ 40 ᠲᠦᠮᠡᠨ ᠲᠥᠭᠦᠷᠢᠭ ᠢ ᠳᠠᠪᠠᠵᠤ᠂ ᠲᠣᠰᠬᠤᠨ ᠤ | ᠠᠷᠠᠳ ᠤᠨ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ︾ ᠭᠡᠵᠦ ᠲᠢᠶᠠᠨ ᡂᠢ ᠪᠠᠯᠭᠠᠰᠤᠨ ᠤ ᠷᠠᠰᠢᠶᠠᠨ | ᠳᠤᠰᠬᠤᠨ ᠤ ᠠᠷᠠᠳ ᠴᠠ ᠱᠣ᠋ ᠵᠢᠶᠦ᠋ᠨ ᠶᠡᠷᠢᠵᠦ ᠪᠠᠶᠢᠯ᠎ᠠ᠃ | 2019 ᠣᠨ ᠤ 4 ᠰᠠᠷ᠎ᠠ ᠳᠤ᠂ ᠷᠠᠰᠢᠶᠠᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠲᠣᠰ | ᠲᠣᠰᠬᠤᠨ ᠢ ᠬᠠᠪᠰᠤᠷᠤᠨ ᠲᠡᠳᠬᠦᠭᠰᠡᠨ ᠠᠴᠠ ᠨᠠᠭᠠᠰᠢ᠂ ︽ᠨᠠᠮ ᠤᠨ ᠪᠠᠶᠢᠭᠤᠯᠤᠯᠲᠠ ᠪᠠᠷ ᠬᠠᠪᠰᠤᠷᠤᠨ ᠲᠡᠳᠬᠦᠬᠦ︾ | ᠵᠠᠭᠪᠤᠷ ᠢᠶᠠᠷ ᠳᠠᠮᠵᠢᠭᠤᠯᠤᠨ ᠠᠵᠤ ᠦᠢᠯᠡᠰ ᠤᠨ ᠲᠥᠯᠥᠪᠯᠡᠭᠡ ᠲᠣᠭᠲᠠᠭᠠᠵᠤ᠂ ᠬᠠᠮᠲᠤ ᠨᠡᠶᠢᠳᠡ ᠶᠢᠨ ᠠᠵᠤ ᠠᠬᠤᠢ ᠶᠢ | ᠪᠤᠵᠠᠭᠠᠶᠢᠷᠠᠭᠤᠯᠬᠤ ᠶᠢ ᠪᠡᠶᠡᠯᠡᠭᠦᠯᠪᠡ᠃ | ᠰᠡᠳᠭᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠤᠶᠠᠷ ᠢ ᠬᠦᠷᠢᠶᠡᠯᠡᠨ ᠬᠠᠮᠲᠤ ᠪᠠᠷ ᠴᠤᠬᠴᠠᠯᠠᠵᠦ | ᠬᠠᠮᠳᠦ ᠪᠠᠷ ᠤᠷᠤᠬᠰᠢᠯᠠᠪᠠ᠃ ᠷᠠᠰᠢᠶᠠᠨ ᠬᠤᠲᠠ ︽ᠬᠢᠩᠭᠠᠨ ᠤ ᠭᠡᠷᠡᠯᠲᠦ ᠰᠤᠪᠤᠳ ᠷᠠᠰᠢᠶᠠᠨ︾᠂ ︽ᠲᠠᠯ᠎ᠠ ᠨᠤᠲᠤᠭ ᠠᠴᠠ | ᠪᠡᠭᠡᠵᠢᠩ ᠢ ᠪᠠᠷᠠᠯᠠᠬᠤᠢ︾ ᠵᠡᠷᠭᠡ ᠵᠤᠬᠢᠶᠠᠯ ᠤᠨ ᠳᠠᠭᠤᠤ ᠵᠢᠴᠢ MTV ᠶᠢ ᠨᠡᠶᠢᠲᠡᠯᠡᠬᠦ ᠶᠢᠨ ᠲᠠᠭᠠᠤ ᠴᠡᠷᠢᠭ ᠤᠨ | ᠶᠠᠪᠤᠳᠠᠯ ᠤᠨ ᠰᠡᠳᠦᠪᠲᠦ ᠺᠢᠨᠣ᠋ ︽ᠮᠦᠷᠦᠭᠡᠳᠤᠯ ᠤᠨ ᠮᠤᠳᠦ︾ ᠶᠢ ᠵᠣᠬᠢᠶᠠᠨ ᠪᠦᠲᠦᠭᠡᠵᠦ᠂ ᠴᠡᠷᠢᠭ ᠠᠷᠠᠳ ᠤᠨ | ᠪᠦᠯᠬᠦᠮᠳᠡᠯ ᠤᠨ ᠵᠣᠷᠢᠭ ᠰᠠᠨᠠᠭ᠎ᠠ ᠶᠢ ᠪᠠᠳᠠᠷᠠᠭᠤᠯᠪᠠ᠃ ᠴᠡᠷᠢᠭ ᠠᠩᠭᠢ ᠪᠠ ᠳᠤᠬᠠᠢ ᠶᠢᠨ ᠭᠠᠵᠠᠷ ᠤᠨ ᠬᠢᠨ ︽ᠴᠡᠷᠢᠭ ᠠᠩᠭᠢ | ᠪᠠ ᠭᠠᠵᠠᠷ ᠤᠷᠤᠨ ᠭᠠᠷ ᠬᠤᠯᠪᠣᠨ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠠᠬᠢᠭᠤᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠪᠠ ︽ | ᠤᠯᠤᠰ ᠤᠨ ᠪᠠᠲᠤᠯᠠᠨ ᠬᠠᠮᠠᠭᠠᠯᠠᠯᠲᠠ ᠲᠠᠢ ᠰᠡᠳᠭᠢᠯ ᠵᠢᠷᠦᠬᠡ ᠪᠠᠨ ᠬᠤᠯᠪᠣᠵᠤ᠂ ᠪᠢ ᠡᠬᠡ ᠣᠷᠣᠨ ᠤ ᠪᠠᠨ ᠲᠥᠯᠥᠭᠡ ᠬᠢᠯᠢ | ᠬᠢᠵᠠᠭᠠᠷ ᠢ ᠰᠠᠬᠢᠨ ᠬᠠᠮᠠᠭᠠᠯᠠᠬᠤ︾ ᠵᠡᠷᠭᠡ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠ | ᠠᠭᠤᠰᠤᠯᠴᠠᠭ᠎ᠠ ᠪᠠᠨ ᠭᠦᠨᠵᠡᠭᠡᠶᠢᠷᠡᠭᠦᠯᠪᠡ᠃ | ᠷᠠᠰᠢᠶᠠᠨ ᠬᠤᠲᠠ ᠶᠢᠨ ᠬᠤᠶᠠᠷ ᠢ ᠬᠦᠷᠢᠶᠡᠯᠡᠬᠦ ᠦᠢᠯᠡᠳᠦᠯᠭᠡ ᠨᠢ ︽ᠴᠡᠷᠢᠭ ᠠᠷᠠᠳ ᠨᠢᠭᠡ ᠭᠡᠷ ᠤᠨ ᠬᠦᠮᠦᠨ︾ ᠭᠡᠬᠦ | ᠰᠡᠳᠤᠪ ᠢ ᠬᠦᠨᠵᠡᠬᠡᠢ ᠲᠠᠶᠢᠯᠪᠤᠷᠢᠯᠠᠨ᠂ ︽ᠬᠤᠶᠠᠷ ᠢ ᠬᠦᠷᠢᠶᠡᠯᠡᠬᠦ ᠬᠦᠴᠦᠨ︾ ᠢᠶᠠᠷ ᠤᠮᠠᠷᠠᠲᠤ ᠬᠢᠯᠢ ᠶᠢᠨ ᠬᠠᠯᠬᠠᠪᠴᠢ ᠶᠢ | ᠪᠠᠬᠢᠵᠢᠭᠦᠯᠤᠨ᠎ᠠ᠃ ︵ᠬᠣ᠋ ᡁᠢ ᠮᠢᠨ ᠪᠤᠤ ᠢ ᠵᠢᠩ︶ |