ᠷᠠᠰᠢᠶᠠᠨ ᠬᠤᠲᠠ ᠪᠣᠯᠤᠨ ᠱᠦᠶ ᠹᠠ ᠪᠦᠯᠦᠭᠯᠡᠯ ᠬᠠᠮᠳᠣᠷᠡᠯᠴᠠᠭᠠᠨ ᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/6/24
    6 ᠰᠠᠷ᠎ᠠ ᠶᠢᠨ 19 ᠤ ᠡᠳᠦᠷ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠡᠷᠬᠢᠮᠲᠦ ᠱᠦᠢ ᠹᠠ ᠪᠦᠯᠦᠭᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠶᠠᠩ ᠪᠢᠨ ᠨᠠᠷ ᠲᠠᠢ ᠬᠠᠮᠳᠣᠷᠡᠯᠴᠠᠭᠠᠨ ᠤ ᠲᠣᠬᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠬᠤᠲᠠ ᠶᠢᠨ ᠤᠳᠤᠷᠢᠳᠤᠯᠭ᠎ᠠ ᠵᠢᠶᠤᠤ ᠳ᠋ᠠ ᠠᠨ᠂ ᠦ᠋ ᠫᠸᠢ ᠵᠢᠴᠢ ᠭᠠᠳᠠᠭᠠᠳᠤ ᠶᠠᠪᠤᠳᠠᠯ ᠤᠨ ᠠᠯᠪᠠᠨ ᠬᠡᠷ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠶᠠᠷᠢᠯᠴᠠᠬᠤ ᠬᠤᠷᠠᠯ ᠳᠡᠭᠡᠷ᠎ᠡ᠂ ᠡᠷᠬᠢᠮᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ  ᠢ ᠲᠦᠯᠣᠭᠡᠯᠡᠨ ᠶᠠᠩ ᠪᠢᠨ ᠳᠡᠳ᠋ ᠶᠡᠷᠦᠩᠬᠡᠶ ᠳᠠᠭᠠᠭᠠᠮᠠᠯ ᠨᠠᠷ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠶᠢᠨ ᠣᠷᠳᠣ ᠬᠤᠭᠤᠴᠠᠭᠠᠨ ᠤ ᠲᠤᠷᠰᠢᠬᠢ ᠬᠠᠮᠲᠤᠷᠠᠯᠴᠠᠭᠠᠨ ᠤ ᠲᠣᠬᠠᠢ ᠨᠠᠷᠢᠨ ᠶᠠᠷᠢᠯᠴᠠᠵᠠᠢ᠃ ᠲᠠᠷᠣᠢ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠣᠷᠣᠨ ᠵᠠᠢ ᠪᠠᠨ ᠥᠷᠭᠡᠳᠬᠡᠨ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠪᠠᠷ ᠭᠠᠷ ᠬᠤᠯᠪᠣᠨ ᠨᠡᠩ ᠤᠯᠠᠨ ᠰᠢᠪᠲᠤᠯᠤᠯᠲᠠ ᠶᠢ ᠣᠯᠵᠤ᠂ ᠷᠠᠰᠢᠶᠠᠨ ᠬᠤᠳᠠ ᠬᠠᠮᠤᠭ ᠤᠨ ᠶᠡᠭᠡ ᠦᠨᠡᠨᠴᠢ ᠰᠡᠳᠬᠢᠯᠭᠡ ᠪᠣᠯᠤᠨ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠣ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠪᠦᠬᠦ ᠦᠶᠡᠯᠡᠯ ᠤᠨ ᠬᠤᠭᠤᠴᠠᠭ᠎ᠠ ᠂ ᠪᠦᠬᠦ ᠲᠠᠯ᠎ᠠ ᠶᠢᠨ ᠳᠡᠮᠵᠢᠯᠭᠡ ᠬᠠᠩᠭᠠᠨ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠶᠠᠩ ᠪᠢᠨ᠂ ᠱᠦᠢ ᠹᠠ ᠪᠦᠯᠦᠭᠯᠡᠯ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠨᠠᠷᠢᠨ ᠲᠠᠨᠢᠯᠴᠠᠭᠤᠯᠵᠤ᠂ ᠷᠠᠰᠢᠶᠠᠨ ᠬᠤᠳᠠ ᠶᠢᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠪᠣᠯᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠤ ᠲᠦᠰᠢᠭᠯᠡᠵᠦ᠂ ᠬᠢᠯᠢ  ᠶᠢᠨ ᠪᠣᠭᠤᠮᠲᠠ ᠶᠢᠨ ᠱᠦᠢ ᠹᠠ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠷᠠᠰᠢᠶᠠᠨ ᠤ ᠨᠡᠭᠡᠭᠡᠨ ᠬᠥᠭᠵᠢᠭᠦᠯᠦᠯᠲᠡ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号