ᠷᠠᠰᠢᠶᠠᠨ ᠬᠤᠲᠠ ᠶᠢᠨ ᠵᠠᠰᠠᠭ ᠤᠨ ᠣᠷᠳᠣᠨ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/24
    6 ᠰᠠᠷ᠎ᠠ ᠶᠢᠨ 19 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ 2025 ᠣᠨ ᠤ 5 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠴᠢᠭᠯᠡᠯ ᠵᠠᠷᠴᠢᠮ᠂ ᠬᠠᠷᠠᠯᠲᠠ ᠱᠠᠭᠠᠷᠳᠠᠯᠭ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂  ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠰᠦᠨ ᠱᠤᠤ ᠴᠧᠩ ᠱᠦᠵᠢ ᠶᠢᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠬᠤ ᠬᠤᠭᠤᠴᠠᠭᠠᠨ ᠳᠠᠬᠢ ᠶᠠᠷᠢᠯᠴᠠᠭᠠᠨ ᠤ ᠬᠤᠷᠠᠯ ᠳᠡᠭᠡᠷᠡᠬᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ︽ᠰᠤᠷᠤᠯᠴᠠᠵᠤ ᠪᠠᠶᠢᠴᠠᠭᠠᠵᠤ ᠥᠭᠡᠷᠡᠴᠢᠯᠡᠬᠦ︾ ᠳᠡᠭᠡᠷ᠎ᠡ ᠦᠨᠡᠨ ᠬᠦ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠶᠢ ᠭᠤᠤᠯᠳᠠᠯᠭ᠎ᠠ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠵᠦᠢᠯ ᠳᠠᠷᠠᠭᠠᠯᠠᠨ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠶᠠᠪᠣᠳᠡᠯ ᠢ ᠰᠢᠢᠳᠪᠦᠷᠢᠯᠡᠬᠦ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠬᠡᠷᠡᠭᠯᠡᠭᠡᠨ ᠤ ᠤᠰᠤ ᠶᠢᠨ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠠᠨ ᠬᠡᠮᠵᠢᠶ᠎ᠠ ᠶᠢ ᠦᠨ᠎ᠡ ᠨᠡᠮᠡᠵᠤ ᠪᠤᠳᠤᠬᠤ ᠠᠷᠭ᠎ᠠ︾ ᠶᠢ ᠰᠤᠳᠤᠯᠤᠨ ᠬᠢᠨᠠᠨ ᠵᠥᠪᠯᠡᠵᠦ᠂ ᠤᠰᠤ ᠠᠷᠪᠢᠯᠠᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠤᠯᠤᠰ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠰᠠᠭᠤᠭᠠᠯᠢ ᠠᠷᠠᠳ ᠤᠨ ᠪᠤᠰᠤ ᠬᠡᠷᠡᠭᠯᠡᠭᠡᠨ ᠤ ᠤᠰᠤ ᠶᠢᠨ ᠲᠣᠭᠲᠠᠭᠰᠠᠨ ᠨᠤᠷᠮ᠎ᠠ ᠠᠴᠠ ᠬᠡᠲᠦᠷᠡᠭᠰᠠᠨ ᠬᠡᠮᠵᠢᠶ᠎ᠠ ᠶᠢ ᠦᠨ᠎ᠡ ᠨᠡᠮᠡᠵᠤ ᠪᠤᠳᠤᠵᠤ᠂ ᠤᠰᠤ ᠠᠷᠪᠢᠯᠠᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠶᠢ ᠰᠠᠨᠠᠭᠠᠴᠢᠯᠠᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号