ᠷᠠᠰᠢᠶᠠᠨ ᠬᠤᠳᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ︵ᠦᠷᠭᠡᠳᠭᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/24
    6 ᠰᠠᠷ᠎ᠠ ᠶᠢᠨ 19 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠦᠷᠭᠡᠳᠭᠡᠭᠰᠡᠨ︶ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠳᠥᠷᠪᠡᠨ ᠶᠡᠭᠡ ᠤᠳᠤᠷᠢᠳᠬᠤ ᠪᠠᠭ ᠤᠨ ᠠᠰᠠᠭᠤᠳᠠᠯ ᠤᠨ ᠨᠠᠷᠢᠨ ᠲᠠᠩᠰᠠ ᠵᠢᠴᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠠᠶᠢᠮᠠᠭ ᠤᠨ ᠱᠠᠲᠤᠨ ᠤ ᠬᠠᠷᠢᠭᠤ ᠲᠤᠰᠬᠠᠭᠰᠠᠨ ᠰᠠᠨᠠᠯ ᠪᠠ ᠵᠢᠯᠣᠭᠤᠳᠣᠯᠭ᠎ᠠ ᠵᠠᠰᠠᠪᠤᠷᠢ ᠣᠷᠣᠭᠤᠯᠤᠭᠰᠠᠨ ᠰᠠᠨᠠᠯ ᠢ ᠮᠡᠳᠡᠭᠳᠡᠨ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽7 + 3︾ ᠠᠰᠠᠭᠤᠳᠠᠯ ᠢ ᠪᠠᠶᠢᠴᠠᠭᠠᠨ ᠢᠯᠡᠷᠡᠬᠦᠯᠬᠦ ᠠᠷᠭ᠎ᠠ ᠵᠠᠮ ᠢ ᠭᠦᠢᠴᠡᠳ ᠠᠰᠢᠭᠯᠠᠨ᠂ ︽ᠨᠢᠭᠡ ᠰᠤᠳᠤᠯᠵᠣ ᠨᠢᠭᠡ ᠱᠠᠯᠠᠪᠳᠡᠭᠤᠯᠣᠨ ᠭᠤᠷᠪᠠ ᠬᠢᠨᠠᠬᠤ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠶᠢᠮᠠᠭ ᠤᠨ ᠱᠠᠲᠤᠨ ᠤ ᠵᠠᠰᠠᠪᠤᠷᠢ ᠣᠷᠣᠭᠤᠯᠬᠤ ᠰᠠᠨᠠᠯ ᠢ ᠪᠥᠬᠦ ᠲᠠᠯ᠎ᠠ ᠪᠠᠷ ᠬᠠᠷᠭᠤᠭᠤᠯᠵᠤ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ᠂ ᠡᠯ᠎ᠡ ᠪᠠᠯᠭᠠᠰᠤ ᠵᠡᠭᠡᠯᠢ᠂ ᠡᠯ᠎ᠡ ᠰᠠᠯᠠᠭ᠎ᠠ ᠮᠥᠴᠢᠷ ᠤᠨ ᠠᠰᠠᠭᠤᠳᠠᠯ ᠤᠨ ᠨᠠᠷᠢᠨ ᠲᠠᠩᠰᠠ ᠪᠠ ᠴᠡᠭᠴᠡᠯᠡᠨ ᠵᠠᠰᠠᠬᠤ ᠡᠬᠡ ᠲᠠᠩᠰᠠ ᠶᠢ ᠳᠠᠬᠢᠨ ᠰᠤᠳᠤᠯᠤᠨ ᠮᠠᠭᠠᠳᠯᠠᠵᠤ᠂ ᠳᠠᠬᠢᠨ ᠲᠡᠭᠦᠯᠳᠡᠷᠵᠢᠭᠦᠯᠣᠨ᠂ ᠳᠠᠬᠢᠨ ᠳᠡᠭᠡᠭᠰᠢᠯᠡᠭᠦᠯᠬᠦ ᠭᠡᠷᠡᠭᠳᠡᠢ᠃ ᠠᠰᠠᠭᠤᠳᠠᠯ ᠢ ᠪᠥᠬᠦ ᠲᠠᠯ᠎ᠠ ᠪᠠᠷ ᠨᠠᠷᠢᠯᠢᠭ ᠣᠨᠣᠪᠴᠢᠲᠠᠶ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠶ ᠶᠢ ᠡᠷᠬᠢᠮᠯᠡᠭᠰᠡᠨ ᠪᠥᠭᠡᠳ ᠦᠨᠡᠨ ᠬᠦ ᠲᠤᠰᠠᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠠᠷᠭᠠᠴᠠᠭᠠᠬᠤ ᠦᠵᠡᠯ ᠰᠠᠨᠠᠭ᠎ᠠ ᠪᠣᠯᠤᠨ ᠬᠡᠮᠵᠢᠶ᠎ᠠ ᠠᠴᠠ ᠬᠡᠳᠣᠷᠡᠬᠦ ᠰᠡᠳᠬᠢᠴᠡ ᠶᠢ ᠡᠷᠡᠰ ᠲᠠᠶᠠᠭᠳᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠭᠦᠢᠴᠡᠳ ᠤᠶᠠᠯᠳᠤᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠳᠡᠭᠡᠳᠦ ᠱᠠᠲᠤᠨ ᠤ ᠠᠰᠠᠭᠤᠳᠠᠯ ᠢ ᠢᠳᠡᠪᠬᠢᠲᠡᠢ ᠬᠦᠯᠢᠶᠡᠨ ᠠᠪᠴᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠬᠦᠯᠣᠨ ᠪᠣᠳᠠᠲᠠᠶᠢᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠪᠠᠶ᠎ᠠ  ᠢᠶᠠᠷ ᠢᠶᠠᠨ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ ᠠᠰᠠᠭᠤᠳᠠᠯ ᠢ ᠭᠦᠨᠵᠡᠭᠡᠶ ᠪᠠᠶᠢᠴᠠᠭᠠᠨ ᠢᠯᠡᠷᠡᠬᠦᠯᠵᠤ᠂ ᠠᠰᠠᠭᠤᠳᠠᠯ ᠤᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠠᠵᠢᠯ ᠢ ᠴᠢᠬᠤᠯᠠᠴᠢᠯᠠᠨ ᠪᠣᠳᠠᠲᠠᠶᠢᠵᠢᠭᠤᠯᠵᠤ᠂ ᠠᠵᠢᠯ ᠤᠨ ᠲᠤᠰᠬᠠᠶ ᠠᠩᠭᠢ ᠠᠵᠢᠯ ᠢ ᠵᠢᠯᠣᠭᠤᠳᠤᠨ ᠪᠣᠳᠠᠲᠠᠶᠢᠵᠢᠭᠤᠯᠵᠤ᠂ ᠱᠠᠯᠠᠪᠳᠡᠭᠤᠯᠣᠨ ᠵᠢᠯᠣᠭᠤᠳᠬᠤ ᠳᠤᠭᠤᠶᠢᠯᠠᠩ ᠠᠵᠢᠯ ᠢ ᠪᠣᠳᠠᠲᠠᠶ ᠵᠢᠯᠣᠭᠤᠳᠴᠤ ᠂ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ  ᠶᠢᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠣ ᠴᠢᠬᠤᠯᠠᠴᠢᠯᠠᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号