︽ᠤᠯᠤᠰ ᠤᠨ ᠨᠡᠮᠡᠭᠦᠷᠢ︾ ᠦᠷᠭᠦᠯᠵᠢᠯᠡᠵᠦ ᠪᠣᠢ
ᠨᠡᠶᠢᠲᠡᠯᠡᠭᠰᠡᠨ ᠴᠠᠭ᠄
2025/6/24
       ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠦᠴᠦᠨ ᠢ ᠨᠢ ᠨᠡᠮᠡᠭᠳᠡᠭᠦᠯᠦᠨ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠭᠰᠠᠨ ᠦᠭᠡᠢ᠂ ᠨᠡᠮᠡᠭᠦᠷᠢ ᠶᠢᠨ ᠪᠡᠯᠡ ᠮᠥᠩᠭᠦᠨ ᠤ ᠬᠡᠷᠡᠭᠯᠡᠯᠲᠡ ᠶᠢᠨ ᠠᠬᠢᠴᠠ ᠵᠢᠱᠢᠯᠲᠡ ᠲᠠᠢ ᠨᠡᠶᠢᠴᠡᠵᠦ᠂ ᠭᠤᠷᠪᠠᠳᠤᠭᠠᠷ᠂ ᠳᠥᠷᠪᠡᠳᠦᠭᠡᠷ ᠤᠯᠠᠷᠢᠯ ᠳᠤ ᠲᠥᠪ ᠤᠨ ᠪᠡᠯᠡ ᠮᠥᠩᠭᠦ ᠶᠢ ᠵᠠᠯᠭᠠᠭ᠎ᠠ ᠵᠠᠯᠭᠠᠭ᠎ᠠ ᠪᠠᠷ ᠣᠷᠣᠨ ᠨᠤᠲᠤᠭ ᠲᠡᠶᠢᠰᠢ ᠪᠠᠭᠤᠯᠭᠠᠬᠤ ᠪᠣᠯᠣᠨ᠎ᠠ᠃       ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠᠨ ᠬᠦᠴᠦᠯᠡᠨ ᠥᠷᠭᠡᠳᠬᠡᠵᠦ᠂ 2024 ᠣᠨ ᠤ ᠰᠠᠶᠢᠨ ᠲᠤᠷᠰᠢᠯᠭ᠎ᠠ ᠠᠷᠭ᠎ᠠ ᠬᠢᠳᠡᠯ ᠢ ᠬᠠᠮᠲᠤ ᠪᠠᠷ ᠨᠠᠶᠢᠳᠠᠪᠤᠷᠢᠵᠢᠭᠤᠯᠤᠨ᠂ ᠣᠷᠣᠨ ᠨᠤᠲᠤᠭ ᠲᠤ ᠰᠢᠭᠤᠳ 3000 ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠲᠣᠬᠢᠷᠠᠭᠤᠯᠵᠤ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠥᠷᠭᠡᠳᠬᠡᠵᠦ᠂ ᠡᠨᠡ ᠵᠢᠯ ᠢᠶᠠᠷ ᠢᠶᠠᠨ ᠨᠡᠮᠡᠭᠦᠷᠢ ᠥᠭᠬᠦ ᠶᠢ ᠬᠡᠷᠡᠭᠵᠢᠭᠦᠯᠦᠨ᠎ᠡ᠃ ᠡᠨᠡ ᠵᠢᠯ ᠤᠨ 1 ᠳ᠋ᠦ᠋ᠭᠡᠷ ᠰᠠᠷ᠎ᠠ ᠪᠠ 4 ᠳ᠋ᠦ᠋ᠭᠡᠷ ᠰᠠᠷ᠎ᠠ ᠳᠤ ᠲᠣᠰ ᠲᠣᠰ ᠬᠤᠶᠠᠷ ᠪᠦᠯᠦᠭ ᠢᠶᠠᠷ ᠨᠡᠶᠢᠲᠡ 1620 ᠳ᠋ᠦᠩᠰᠢᠭᠤᠷ ᠲᠥᠭᠦᠷᠢᠭ ᠤᠨ ᠲᠥᠪ ᠤᠨ ᠪᠡᠯᠡ ᠮᠥᠩᠭᠦ ᠶᠢ ᠪᠠᠭᠤᠯᠭᠠᠵᠤ᠂ ᠣᠷᠣᠨ ᠨᠤᠲᠤᠭ ᠤᠨ ᠨᠢᠭᠡᠳᠦᠭᠡᠷ᠂ ᠬᠤᠶᠠᠳᠤᠭᠠᠷ ᠤᠯᠠᠷᠢᠯ ᠤᠨ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠶᠢ ᠳᠡᠮᠵᠢᠪᠡ᠃ ᠵᠠᠯᠭᠠᠭᠠᠳ ᠪᠠᠰᠠ 1380 ᠳ᠋ᠦᠩᠰᠢᠭᠤᠷ ᠲᠥᠭᠦᠷᠢᠭ ᠤᠨ ᠲᠥᠪ ᠤᠨ ᠪᠡᠯᠡ ᠮᠥᠩᠭᠦ ᠶᠢ ᠭᠤᠷᠪᠠᠳᠤᠭᠠᠷ ᠂ ᠳᠥᠷᠪᠡᠳᠦᠭᠡᠷ ᠤᠯᠠᠷᠢᠯ ᠳᠤ ᠪᠦᠯᠦᠭ ᠬᠤᠪᠢᠶᠠᠨ ᠡᠮᠬᠢ ᠳᠠᠷᠠᠭ᠎ᠠ ᠲᠠᠢ ᠪᠠᠷ ᠪᠠᠭᠤᠯᠭᠠᠬᠤ ᠪᠣᠯᠣᠨ᠎ᠠ᠃       ︽ᠣᠳᠣᠬᠠᠨ ᠳᠤ ᠪᠦᠬᠦ ᠤᠯᠤᠰ ᠤᠨ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠪᠡᠯᠡ ᠮᠥᠩᠭᠦᠨ ᠤ ᠬᠡᠷᠡᠭᠯᠡᠯᠲᠡ ᠪᠦᠬᠦ ᠵᠢᠯ ᠤᠨ ᠬᠡᠪᠴᠢᠶᠡᠨ ᠤ 50% ᠣᠷᠴᠢᠮ ᠢ ᠡᠵᠡᠯᠡᠵᠦ᠂ ᠪᠦᠬᠦ᠋ᠢᠯᠡ ᠠᠬᠢᠴᠠ ᠨᠢ ᠵᠢᠱᠢᠯᠲᠡ ᠲᠠᠢ ᠨᠡᠶᠢᠴᠡᠵᠦ ᠪᠠᠶᠢᠨ᠎ᠠ︾᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠤᠯᠤᠰ ᠤᠨ ᠨᠡᠮᠡᠭᠦᠷᠢ︾ ᠶᠢᠨ ᠪᠡᠯᠡ ᠮᠥᠩᠭᠦ ᠨᠢ ᠭᠤᠷᠪᠠᠨ ᠬᠡᠰᠡᠭ ᠢᠶᠠᠷ ᠪᠦᠷᠢᠯᠳᠦᠪᠡ᠄ ᠨᠢᠭᠡ ᠳᠤ ᠲᠥᠪ ᠠᠴᠠ ᠪᠠᠭᠤᠯᠭᠠᠭᠰᠠᠨ ᠣᠷᠳᠣ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦᠨ ᠤ ᠬᠡᠪᠴᠢᠶ᠎ᠡ ᠨᠢ ᠨᠢᠳᠤᠨᠤᠨ ᠤ ᠬᠢ ᠠᠴᠠ ᠬᠤᠶᠠᠷ ᠳᠠᠬᠢᠨ ᠢᠶᠠᠷ ᠨᠡᠮᠡᠭᠳᠡᠪᠡ︔ ᠬᠤᠶᠠᠷ ᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠣᠷᠣᠨ ᠨᠤᠲᠤᠭ ᠤᠨ ᠬᠢᠨ ᠲᠥᠪ ᠠᠴᠠ ᠪᠠᠭᠤᠯᠭᠠᠭᠰᠠᠨ ᠪᠡᠯᠡ ᠮᠥᠩᠭᠦᠨ ᠤ ᠰᠠᠭᠤᠷᠢᠨ ᠳᠡᠭᠡᠷ᠎ᠡ ᠬᠠᠷᠢᠴᠠᠯ ᠶᠣᠰᠣᠭᠠᠷ ᠢᠵᠢ ᠪᠦᠷᠢᠳᠦᠭᠦᠯᠵᠦ᠂ ᠶᠡᠷᠦᠩᠬᠡᠢ ᠴᠣᠭᠴᠠ ᠳᠡᠭᠡᠷ᠎ᠡ ᠪᠠᠨ 9᠄ 1 ᠶᠢᠨ ᠵᠠᠷᠴᠢᠮ ᠶᠣᠰᠣᠭᠠᠷ ᠲᠥᠪ ᠪᠠ ᠣᠷᠣᠨ ᠨᠤᠲᠤᠭ ᠬᠠᠮᠲᠤ ᠪᠠᠷ ᠡᠭᠦᠷᠭᠡᠯᠡᠬᠦ ᠶᠢ ᠬᠡᠷᠡᠭᠵᠢᠭᠦᠯᠦᠨ᠎ᠡ︔ ᠭᠤᠷᠪᠠ ᠳᠤ ᠵᠠᠷᠢᠮ ᠭᠠᠵᠠᠷ ᠣᠷᠣᠨ ᠤ ᠬᠢᠨ ᠪᠠᠰᠠ ᠲᠤᠬᠠᠢ ᠶᠢᠨ ᠭᠠᠵᠠᠷ ᠤᠨ ᠢᠶᠠᠨ ᠠᠵᠢᠯ ᠤᠨ ᠠᠬᠢᠴᠠ ᠪᠠ ᠬᠡᠷᠡᠭᠵᠢᠭᠦᠯᠵᠦ ᠪᠠᠶᠢᠭ᠎ᠠ ᠪᠠᠶᠢᠳᠠᠯ ᠲᠠᠢ ᠪᠠᠨ ᠤᠶᠠᠯᠳᠤᠭᠤᠯᠤᠨ᠂ ᠲᠥᠪ ᠠᠴᠠ ᠪᠠᠭᠤᠯᠭᠠᠭᠰᠠᠨ ᠪᠠ ᠬᠠᠷᠢᠴᠠᠯ ᠲᠠᠢ ᠪᠠᠷ ᠢᠵᠢ ᠪᠦᠷᠢᠳᠦᠭᠦᠯᠦᠭᠰᠡᠨ ᠪᠡᠯᠡ ᠮᠥᠩᠭᠦ ᠠᠴᠠ ᠭᠠᠳᠠᠨ᠎ᠠ᠂ ᠣᠷᠣᠨ ᠨᠤᠲᠤᠭ ᠤᠨ ᠬᠢᠨ ᠳᠠᠬᠢᠵᠤ ᠪᠡᠯᠡ ᠮᠥᠩᠭᠦ ᠲᠣᠬᠢᠷᠠᠭᠤᠯᠬᠤ ᠪᠣᠯᠣᠨ᠎ᠠ᠃       ᠨᠢᠭᠡᠨᠲᠡ ᠲᠣᠭᠲᠠᠭᠠᠭᠰᠠᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ 7 ᠳ᠋ᠤᠭᠠᠷ ᠰᠠᠷ᠎ᠠ᠂ 10 ᠳ᠋ᠤᠭᠠᠷ ᠰᠠᠷ᠎ᠠ ᠳᠤ ᠲᠣᠰ ᠲᠣᠰ ᠭᠤᠷᠪᠠᠳᠤᠭᠠᠷ ᠤᠯᠠᠷᠢᠯ ᠪᠠ ᠳᠥᠷᠪᠡᠳᠦᠭᠡᠷ ᠤᠯᠠᠷᠢᠯ ᠳᠠᠬᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠪᠠᠷ ᠲᠥᠪ ᠤᠨ ᠪᠡᠯᠡ ᠮᠥᠩᠭᠦ ᠶᠢ ᠪᠠᠭᠤᠯᠭᠠᠵᠤ᠂ ᠡᠯ᠎ᠡ ᠭᠠᠵᠠᠷ ᠤᠨ ᠬᠢᠨ ᠴᠦ ᠢᠵᠢ ᠪᠦᠷᠢᠳᠦᠭᠦᠯᠦᠭᠰᠡᠨ ᠪᠡᠯᠡ ᠮᠥᠩᠭᠦᠨ ᠤ ᠳᠡᠮᠵᠢᠯᠭᠡ ᠶᠢ ᠦᠷᠭᠦᠯᠵᠢᠯᠡᠨ ᠰᠠᠶᠢᠲᠤᠷ ᠬᠢᠬᠦ ᠪᠣᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠣᠨ ᠨᠤᠲᠤᠭ ᠢ ᠵᠢᠯᠣᠭᠤᠳᠤᠨ ᠨᠡᠮᠡᠭᠦᠷᠢ ᠣᠯᠭᠤᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠠᠩ ᠲᠣᠭᠲᠠᠭᠤᠨ ᠪᠥᠭᠡᠳ ᠡᠮᠬᠢ ᠵᠢᠷᠤᠮ ᠲᠠᠢ ᠪᠣᠯᠭᠠᠵᠤ᠂ ᠪᠡᠯᠡ ᠮᠥᠩᠭᠦ ᠶᠢ ᠵᠢᠯ ᠤᠨ ᠡᠴᠦᠰ ᠪᠣᠯᠲᠠᠯ᠎ᠠ ᠲᠡᠩᠴᠡᠭᠦᠷᠢᠲᠡᠢ ᠬᠡᠷᠡᠭᠯᠡᠭᠦᠯᠬᠦ ᠶᠢ ᠦᠨᠡᠨ ᠬᠦ ᠪᠠᠲᠤᠯᠠᠨ᠎ᠠ᠃       ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠲᠣ ᠪᠣᠯᠲᠠᠯ᠎ᠠ᠂ ᠡᠨᠡ ᠵᠢᠯ ᠤᠨ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠪᠣᠷᠣᠯᠠᠭᠤᠯᠤᠯᠲᠠ ᠶᠢ ᠳᠠᠶᠢᠴᠢᠯᠠᠭᠰᠠᠨ ᠨᠣᠷᠮ᠎ᠠ ᠨᠢ ᠨᠢᠭᠡᠨᠲᠡ ᠨᠢᠳᠤᠨᠤᠨ ᠤ ᠪᠥᠬᠦ ᠵᠢᠯ ᠤᠨ ᠬᠢ ᠠᠴᠠ ᠳᠠᠪᠠᠪᠠ᠃ ᠶᠡᠷᠦᠩᠬᠡᠢ ᠳᠤ ᠨᠢ ᠠᠪᠴᠤ ᠦᠵᠡᠪᠡᠯ᠂ ᠡᠨᠡ ᠵᠢᠯ ᠠᠴᠠ ᠨᠠᠭᠠᠰᠢ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ ᠂ ᠬᠡᠷᠡᠭᠯᠡᠭᠡ ᠶᠢᠨ ᠦᠷᠭᠦᠯᠵᠢᠯᠡᠨ ᠥᠷᠭᠡᠳᠬᠦ ᠶᠢ ᠬᠦᠴᠦᠲᠡᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠢᠯᠡᠳᠲᠡ ᠳᠠᠶᠢᠴᠢᠯᠠᠭᠰᠠᠨ ᠪᠠᠶᠢᠨ᠎ᠠ᠃ ᠵᠠᠯᠭᠠᠭᠠᠳ ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢᠭᠡᠨᠲᠡ ᠲᠣᠬᠢᠷᠠᠭᠤᠯᠤᠭᠰᠠᠨ ᠳᠡᠮᠵᠢᠯᠭᠡ ᠶᠢᠨ ᠪᠡᠯᠡ ᠮᠥᠩᠭᠦ ᠪᠠᠨ ᠰᠠᠶᠢᠲᠤᠷ ᠬᠡᠷᠡᠭᠯᠡᠵᠦ᠂ ᠪᠡᠯᠡ ᠮᠥᠩᠭᠦ ᠬᠡᠷᠡᠭᠯᠡᠬᠦ ᠲᠥᠰᠥᠯ ᠤᠨ ᠬᠦᠷᠢᠶ᠎ᠡ ᠪᠠ ᠴᠠᠭ ᠬᠤᠭᠤᠴᠠᠭ᠎ᠠ ᠶᠢ ᠬᠤᠪᠢᠶᠠᠨ ᠨᠠᠷᠢᠯᠢᠭᠵᠢᠭᠤᠯᠵᠤ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠭᠠᠳ ᠦᠢᠯᠡᠳᠬᠦᠨ ᠤ ᠶᠠᠰᠤ ᠴᠢᠨᠠᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠳ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠳᠤ ᠣᠷᠣᠯᠴᠠᠭᠤᠯᠬᠤ ᠶᠢ ᠰᠢᠮᠳᠠᠭᠤᠯᠤᠨ ᠱᠠᠭᠠᠷᠳᠠᠵᠤ᠂ ᠨᠡᠮᠡᠭᠦᠷᠢ ᠶᠢ ᠮᠡᠬᠡᠯᠡᠵᠦ ᠠᠪᠬᠤ ᠶᠢ ᠴᠢᠩᠭ᠎ᠠ ᠰᠡᠷᠭᠡᠶᠢᠯᠡᠨ᠂ ᠲᠥᠷᠥ ᠶᠢᠨ ᠪᠣᠳᠣᠯᠭ᠎ᠠ ᠶᠢᠨ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号