【 ᠦᠰᠦᠭ ᠪᠢᠴᠢᠭ ᠢᠶᠠᠷ ᠦᠬᠦᠯᠡᠬᠦᠢ 】 ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠥᠷᠥᠯ ᠵᠦᠢᠯ ᠢ ᠳᠠᠶᠢᠴᠢᠯᠠᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2025/6/24
    ᠨᠢᠭᠡ᠂ ᠪᠢᠴᠢᠭ ᠮᠠᠲ᠋ᠧᠷᠢᠶᠠᠯ ᠤᠨ ᠦᠨᠳᠦᠰᠦᠯᠡᠯ    ᠷᠠᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠣᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠰᠬᠠᠶ ᠠᠬᠢᠭᠤᠯᠬᠤ ᠳᠤᠭᠤᠶᠢᠯᠠᠩ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ︽ᠬᠢᠩᠭᠠᠨ ᠠᠶᠢᠮᠠᠭ ᠤᠨ 2024 ᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠷᠡᠰᠢᠶᠠᠨ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ︽ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠬᠴᠠ ᠶᠢᠨ  ᠲᠥᠷᠥᠯ ᠵᠦᠢᠯ ᠢ ᠳᠠᠶᠢᠴᠢᠯᠠᠨ ᠬᠡᠷᠡᠭᠵᠢᠭᠦᠯᠬᠦ ᠲᠥᠰᠦᠯ︾ ︵ᠡᠬᠡ ᠪᠢᠴᠢᠭ︶ ᠢ ᠲᠤᠭᠤᠷᠪᠢᠪᠠ᠃    ᠬᠤᠶᠠᠷ᠂ ᠭᠤᠣᠯ ᠠᠭᠤᠯᠭ᠎ᠠ    ︵ᠨᠢᠭᠡ︶ ᠡᠭᠦᠷᠭᠡ ᠶᠢᠨ ᠬᠠᠷᠠᠯᠲᠠ    ᠪᠥᠬᠦ ᠬᠤᠲᠠ ᠶᠢᠨ ᠬᠡᠪᠴᠢᠶᠡᠨ ᠳᠤ 1 ᠬᠤᠷᠰᠢᠶ᠎ᠠ ᠪᠤᠶᠤ ᠺᠣᠮᠫᠠᠨᠢ᠂ ᠲᠤᠰᠬᠠᠶ ᠲᠣᠮᠣ ᠡᠷᠦᠬᠡ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠰᠣᠩᠭᠤᠵᠤ ᠲᠣᠰ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠪᠣᠯᠭᠠᠨ᠂ ᠲᠠᠷᠢᠶᠠᠴᠢᠨ ᠡᠷᠦᠬᠡ ᠲᠠᠢ ᠠᠵᠢᠯ ᠣᠯᠭᠤᠯᠲᠠ᠂ ᠵᠠᠬᠢᠶᠠᠯᠠᠭ᠎ᠠ ᠶᠢᠨ ᠦᠢᠯᠡᠳᠪᠦᠷᠢᠯᠡᠯ᠂ ᠨᠠᠶᠢᠳᠠᠨ ᠲᠡᠵᠢᠭᠡᠯᠭᠡᠬᠦ᠂ ᠲᠦᠷᠢᠶᠡᠰᠦᠨ ᠮᠥᠩᠭᠦ ᠲᠤᠰᠢᠶᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠣᠨ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1000 ᠲᠥᠭᠦᠷᠢᠭ ᠠᠴᠠ ᠳᠡᠭᠡᠭᠰᠢ ᠲᠣᠭᠲᠠᠭᠤᠨ ᠢᠶᠠᠷ ᠨᠡᠮᠡᠭᠳᠡᠭᠦᠯᠬᠦ ᠡᠭᠦᠷᠭᠡ ᠶᠢ ᠪᠠᠶᠠᠯᠠᠬᠦᠯᠣᠨ᠎ᠠ᠃     ︵ᠬᠤᠶᠠᠷ︶ ᠳᠡᠮᠵᠢᠬᠦ ᠭᠤᠣᠯᠳᠠᠯᠭ᠎ᠠ     ᠷᠡᠰᠢᠶᠠᠨ ᠬᠤᠲᠠ ᠶᠢᠨ ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠨᠢ ᠭᠡᠷ᠎ᠡ ᠶᠢᠨ ᠬᠤᠭᠤᠴᠠᠭ᠎ᠠ ᠨᠢ ᠲᠤᠯᠬᠤ᠂ ᠰᠤᠯᠠ ᠪᠠᠶᠢᠭ᠎ᠠ ᠵᠡᠷᠭᠡ ᠠᠰᠠᠭᠤᠳᠠᠯ ᠲᠠᠢ ᠤᠶᠠᠯᠳᠤᠭᠤᠯᠤᠨ᠂ 2025 ᠣᠨ ᠳᠤ 150 ᠲᠦᠮᠡᠨ ᠲᠥᠭᠦᠷᠢᠭ ᠬᠠᠪᠰᠤᠷᠤᠨ ᠲᠡᠳᠬᠦᠬᠦ ᠪᠠᠯᠠ ᠮᠥᠩᠭᠦ ᠬᠡᠷᠡᠭᠯᠡᠬᠦ ᠪᠠᠷ ᠨᠢᠭᠡ ᠵᠠᠬ᠎ᠠ ᠲᠡᠯᠭᠡᠬᠦᠷ ᠤᠨ ᠭᠤᠣᠯ ᠴᠣᠬᠴᠠ ᠶᠢ ᠲᠡᠮᠵᠢᠬᠦ ᠪᠠᠷ ᠲᠥᠯᠥᠪᠯᠡᠭᠰᠠᠨ ᠠᠴᠠ ᠭᠠᠳᠠᠨ᠎ᠠ ᠪᠠᠰᠠ ᠵᠠᠬ᠎ᠠ ᠳᠡᠯᠭᠡᠭᠦᠷ ᠤᠨ ᠭᠤᠤᠯ ᠴᠣᠭᠴᠠ ᠠᠴᠠ ᠲᠡᠭᠡᠷ᠎ᠡ ᠵᠢᠯ ᠤᠨ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢ ᠭᠤᠶᠣᠴᠢᠯᠡᠨ ᠬᠡᠷᠡᠭᠯᠡᠬᠦ ᠶᠢ ᠵᠥᠪᠰᠢᠶᠡᠷᠡᠵᠦ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠣᠷᠢᠳᠡᠯ ᠳᠣᠤᠷ᠎ᠠ᠂ ᠬᠡᠷᠡᠭᠯᠡᠭᠡᠨ ᠠᠴᠠ ᠡᠮᠦᠨᠡᠬᠢ ᠣᠨ ᠤ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢ ᠭᠤᠶᠣᠴᠢᠯᠡᠨ ᠬᠡᠷᠡᠭᠯᠡᠬᠦ ᠲᠤᠭ᠎ᠠ ᠬᠡᠮᠵᠢᠶ᠎ᠡ ᠶᠢ ᠬᠢᠵᠠᠭᠠᠷᠯᠠᠬᠤ ᠥᠬᠡᠶ᠃ ᠪᠠᠯᠭᠠᠰᠤᠨ ᠤ ᠡᠳ᠋ ᠬᠥᠷᠥᠩᠭᠡ ᠶᠢ ᠦᠨᠡᠯᠡᠨ ᠵᠢᠱᠢᠬᠦ ᠳᠤᠭᠤᠶᠢᠯᠠᠩ ᠠᠴᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭᠠᠨ᠂ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠵᠤ ᠦᠨᠡᠯᠡᠨ ᠵᠢᠱᠢᠭᠰᠡᠨ ᠤ ᠳᠠᠷᠠᠭ᠎ᠠ᠂ ᠪᠠᠯᠭᠠᠰᠤᠨ ᠤ ᠵᠠᠰᠠᠭ ᠤᠨ ᠣᠷᠳᠣᠨ ︵ᠲᠣᠰᠬᠤᠨ ᠤ ᠬᠠᠮᠲᠤ ᠨᠡᠶᠢᠲᠡ︶ ᠨᠢ ᠰᠠᠶ᠋ᠢ ᠬᠤᠷᠰᠢᠶ᠎ᠠ ︵ᠠᠵᠤ ᠠᠬᠤᠶᠢᠯᠠᠯ︶ ᠲᠠᠢ ᠬᠡᠯᠡᠯᠴᠡᠭᠡᠷ ᠲᠣᠭᠲᠠᠵᠤ ᠪᠣᠯᠤᠨ᠎ᠠ᠂ ᠡᠭᠦᠨ ᠤ ᠬᠠᠮᠲᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠪᠠᠰᠠ ᠪᠠᠯᠠ ᠣᠷᠣᠭᠤᠯᠤᠯᠲᠠ ︵ᠡᠳ᠋ ᠬᠥᠷᠥᠩᠭᠡ ᠶᠢᠨ ᠣᠳᠣᠬᠢ ᠥᠷᠲᠡᠭ︶ ᠨᠢ 4% ᠠᠴᠠ ᠲᠡᠭᠡᠭᠰᠢ ᠬᠠᠷᠢᠭᠤᠴᠠᠯᠭ᠎ᠠ ᠪᠠᠨ ᠬᠦᠢᠴᠡᠳᠭᠡᠬᠦ ᠪᠠᠲᠤᠯᠠᠭ᠎ᠠ ᠶᠢᠨ ᠮᠥᠩᠭᠦ ᠲᠤᠰᠢᠶᠠᠬᠤ ᠬᠡᠷᠡᠭᠲᠡᠶ᠃ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠶᠡᠷᠦᠩᠬᠡᠶᠢᠯᠡᠭᠰᠡᠨ ᠦᠷ᠎ᠡ ᠠᠰᠢᠭ ᠨᠢ ᠪᠠᠯᠭᠠᠰᠤ ︵ᠲᠣᠰᠬᠤᠨ ᠤ ᠬᠠᠮᠲᠤ ᠨᠡᠶᠢᠲᠡ︶ ᠶᠢᠨ ᠪᠡᠯᠡ ᠣᠷᠣᠭᠤᠯᠤᠯᠲᠠ ︵ᠡᠳ᠋ ᠬᠥᠷᠥᠩᠭᠡ ᠶᠢᠨ ᠣᠳᠣᠬᠢ ᠥᠷᠲᠡᠭ︶ ᠶᠢᠨ 10% ᠠᠴᠠ ᠳᠡᠭᠡᠭᠰᠢ ᠳᠤ ᠬᠦᠷᠪᠡᠯ ᠲᠦᠷᠢᠶᠡᠰᠦᠨ ᠮᠥᠩᠭᠦ ᠢ ᠬᠡᠯᠲᠦᠷᠢᠭᠦᠯᠵᠦ ᠪᠣᠯᠤᠨ᠎ᠠ᠂  ᠲᠠᠶᠢᠮᠣ ᠪᠢᠰᠢ ᠪᠣᠯ ᠬᠠᠷᠢᠭᠤᠴᠠᠯᠭ᠎ᠠ ᠪᠠᠨ ᠬᠦᠢᠴᠡᠳᠭᠡᠬᠦ ᠪᠠᠲᠤᠯᠠᠪᠤᠷᠢ ᠶᠢᠨ ᠮᠥᠩᠭᠦ ᠪᠤᠴᠠᠭᠠᠬᠤ ᠦᠭᠡᠢ᠃    ︵ᠭᠤᠷᠪᠠ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠣᠩᠭᠤᠬᠤ ᠨᠥᠬᠦᠴᠡᠯ    1. ᠲᠣᠭᠲᠠᠮᠠᠯ ᠬᠥᠷᠥᠩᠭᠡ ᠶᠢᠨ ᠶᠡᠷᠦᠩᠬᠡᠶ ᠲᠤᠭ᠎ᠠ 100 ᠲᠦᠮᠡᠨ ᠲᠥᠭᠦᠷᠢᠭ ᠪᠣᠶᠣ ᠲᠡᠬᠦᠨ ᠠᠴᠠ ᠲᠡᠭᠡᠭᠰᠢᠬᠢ ᠳᠠᠩᠰᠠᠯᠠᠭᠤᠯᠤᠭᠰᠠᠨ ᠪᠡᠯᠡ ᠮᠥᠩᠭᠦ ᠨᠢ 200 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠰᠠᠨ ᠪᠠᠶᠢᠬᠤ ᠭᠡᠷᠡᠭᠳᠡᠢ᠃    2. ᠡᠵᠡᠩᠨᠡᠯᠲᠡ ᠶᠢᠨ ᠦᠨᠡᠮᠯᠡᠯ ᠲᠠᠢ᠂ ᠬᠡᠪ ᠤᠨ ᠡᠵᠡᠩᠨᠡᠯᠳᠡ ᠪᠠᠨ ᠪᠠᠳᠣᠯᠠᠵᠣ ᠪᠠᠶᠢᠭ᠎ᠠ ᠪᠦᠭᠡᠳ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠭᠡᠷ᠎ᠡ ᠠᠴᠠ ᠵᠥᠷᠢᠴᠡᠭᠰᠡᠨ ᠵᠦᠢ ᠪᠤᠰᠤ ᠲᠡᠮᠳᠡᠭᠯᠡᠯ ᠪᠠᠶᠢᠬᠤ ᠦᠭᠡᠢ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠳᠤᠮᠳᠠ ᠰᠠᠶᠢᠨ ᠦᠨᠡᠯᠡᠯᠳᠡ ᠲᠠᠢ ᠭᠤᠣᠯ ᠴᠣᠬᠴᠠ ᠪᠠᠶᠢᠬᠤ ᠭᠡᠷᠡᠭᠳᠡᠢ  ᠃ ᠡᠯ᠎ᠡ ᠪᠠᠯᠭᠠᠰᠤ ᠨᠢ ᠴᠢ ᠰᠢᠨ ᠪᠦᠦ᠂ ᠲᠩᠷᠢ ᠶᠢᠨ ᠲᠣᠷᠡᠨ ᠢᠶᠠᠷ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠯᠠᠪᠯᠠᠵᠤ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠳᠤ ᠬᠦᠷᠣᠭ᠍ᠰᠠᠨ‌ᠦᠭᠡᠢ ᠪᠣᠯ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠪᠣᠯᠵᠤ ᠪᠣᠯᠬᠤ ᠦᠭᠡᠢ᠃    3. ︽ᠨᠢᠭᠡ ᠪᠠᠯᠭᠠᠰᠤ ᠨᠢᠭᠡ ᠦᠢᠯᠡᠰ︾᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠣᠨᠴᠠᠯᠢᠭᠲᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠶᠢ ᠭᠤᠣᠯᠳᠠᠯᠭ᠎ᠠ ᠲᠠᠢ ᠰᠤᠩᠭᠤᠵᠤ᠂ ᠣᠶ ᠶᠢᠨ ᠬᠤᠷᠮᠣᠶ ᠶᠢᠨ ᠭᠠᠷᠤᠯᠲᠠ᠂ ᠵᠢᠭᠤᠯᠴᠢᠯᠠᠯ ᠤᠨ ᠬᠥᠭᠵᠢᠯᠲᠡ ᠵᠢᠴᠢ ᠰᠤᠯᠠ ᠪᠠᠶᠢᠭ᠎ᠠ ᠡᠳ᠋ ᠬᠥᠷᠥᠩᠭᠡ ᠶᠢ ᠠᠰᠢᠬᠯᠠᠬᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢ ᠤᠷᠢᠳᠠᠪᠠᠷ ᠰᠣᠩᠭᠤᠨ᠎ᠠ᠃    ︵ᠲᠦᠷᠪᠡ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠭᠦᠷᠭᠡᠯᠡᠬᠦ ᠴᠢᠬᠤᠯᠠᠲᠠᠢ ᠬᠠᠷᠢᠭᠤᠴᠠᠯᠭ᠎ᠠ    1. ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠵᠦ᠂ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠶᠡᠷᠦᠩᠬᠡᠶᠢᠯᠡᠭᠰᠡᠨ ᠦᠷ᠎ᠡ ᠠᠰᠢᠭ ᠢ ᠪᠠᠯᠭᠠᠰᠤ ︵ᠲᠣᠰᠬᠤᠨ ᠤ ᠬᠠᠮᠲᠤ ᠨᠡᠶᠢᠲᠡ︶ ᠶᠢᠨ ᠪᠡᠯᠡ ᠣᠷᠣᠭᠤᠯᠤᠯᠲᠠ ︵ᠡᠳ᠋ ᠬᠥᠷᠥᠩᠭᠡ ᠶᠢᠨ ᠣᠳᠣᠬᠢ ᠥᠷᠲᠡᠭ︶ ᠶᠢᠨ 10% ᠠᠴᠠ ᠳᠡᠭᠡᠭᠰᠢ ᠳᠤ ᠬᠦᠷᠦᠭᠰᠠᠨ ᠪᠣᠯ ᠲᠦᠷᠢᠶᠡᠰᠦᠨ ᠮᠥᠩᠭᠦ ᠶᠢ ᠬᠡᠯᠲᠦᠷᠢᠭᠦᠯᠵᠦ ᠪᠣᠯᠤᠨ᠎ᠠ᠃ ᠡᠯ᠎ᠡ ᠵᠦᠢᠯ ᠤᠨ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠷ᠎ᠡ ᠠᠰᠢᠭ ᠢ ᠪᠣᠳᠣᠬᠤ ᠠᠷᠭ᠎ᠠ ᠨᠢ ᠳᠣᠤᠷᠠᠬᠢ ᠮᠡᠲᠦ᠄    ︵1 )ᠲᠠᠷᠢᠶᠠᠴᠢᠳ ᠲᠤ ᠠᠵᠢᠯ ᠤᠯᠭᠤᠬᠰᠠᠨ ᠦᠷ᠎ᠡ ᠠᠰᠢᠭ ᠢ ᠪᠣᠳᠣᠬᠤ ᠠᠷᠭ᠎ᠠ᠄ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠲᠠᠷᠢᠶᠠᠴᠢᠳ ᠢ ᠲᠣᠰ ᠬᠤᠷᠰᠢᠶ᠎ᠠ ︵ᠺᠣᠮᠫᠠᠨᠢ︶ ᠳᠤ ᠣᠷᠣᠭᠤᠯᠤᠨ ᠠᠵᠢᠯ ᠣᠯᠭᠤᠵᠤ᠂ ᠣᠯᠭᠤᠬᠰᠠᠨ ᠴᠠᠯᠢᠩ ᠤᠨ ᠲᠤᠭ᠎ᠠ ᠬᠡᠮᠵᠢᠶ᠎ᠡ ᠨᠢ ᠠᠵᠢᠯ ᠣᠯᠭᠤᠯᠲᠠ ᠶᠢᠨ ᠦᠷ᠎ᠡ ᠠᠰᠢᠭ ᠪᠣᠯᠣᠨ᠎ᠠ᠃ 100 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠦᠩᠬᠦ ᠣᠷᠣᠭᠤᠯᠬᠤ ᠪᠦᠷᠢ ᠨᠠᠭᠠᠳᠤ ᠵᠠᠬ᠎ᠠ  ᠳᠤ  ᠪᠠᠨ ᠲᠤᠰ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠳᠠᠶᠢᠴᠢᠯᠠᠨ ᠵᠢᠯ ᠲᠣᠷᠰᠢ ᠳᠤ 1 ᠬᠥᠮᠦᠨ ᠪᠣᠶᠣ ᠠᠵᠢᠯ ᠣᠯᠬᠤ ᠴᠠᠭ ᠢ ᠨᠢ 6 ᠰᠠᠷ᠎ᠠ ᠠᠴᠠ ᠳᠡᠭᠡᠭᠰᠢ 2 ᠬᠥᠮᠦᠨ ᠳᠤ ᠲᠣᠬᠳᠡᠪᠣᠷᠢᠳᠡᠢ ᠠᠵᠢᠯ ᠣᠯᠭᠤᠵᠤ᠂ 100 ᠡᠳᠦᠷ ᠠᠴᠠ ᠳᠡᠭᠡᠭᠰᠢ 3 ᠬᠥᠮᠦᠨ ᠳᠤ ᠠᠮᠢᠳᠤᠯᠢᠭ ᠢᠶᠠᠷ ᠠᠵᠢᠯ ᠣᠯᠭᠤᠨ᠎ᠠ᠃ ᠡᠬᠦᠨ ᠤ ᠬᠠᠮᠳᠤ ᠭᠤᠤᠯ ᠴᠤᠭᠴᠨ ᠨᠢ ᠴᠠᠯᠢᠩ ᠦᠭᠬᠦ ᠳᠤ ᠪᠠᠨ ᠬᠦᠴᠦ ᠶᠠᠪᠤᠭᠴᠢ ᠶᠢᠨ ᠭᠠᠷ ᠤᠨ ᠦᠰᠦᠭ ᠵᠢᠷᠤᠭᠰᠠᠨ ᠴᠠᠯᠢᠩ ᠤᠨ ᠬᠦᠰᠦᠨᠦᠭ ᠢᠶᠠᠷ ᠪᠠᠷᠢᠮᠵᠢᠶ᠎ᠠ ᠪᠤᠯᠭᠠᠵᠤ᠂ ᠸᠢᠴᠠᠲ ᠢᠶᠠᠷ ᠳᠠᠩᠰᠠ ᠰᠢᠯᠵᠢᠬᠦᠯᠬᠦ ᠪᠤᠶᠤ ᠬᠠᠳᠠᠭᠠᠯᠠᠮᠵᠢ ᠶᠢᠨ ᠺᠠᠷᠲ ︵ᠢᠳᠡᠭᠡᠮᠵᠢ ᠶᠢᠨ ᠺᠠᠷᠲ︶ ᠲᠤ ᠳᠠᠩᠰᠠ ᠰᠢᠯᠵᠢᠭᠦᠯᠦᠨ ᠲᠠᠷᠢᠶᠠᠴᠢᠨ ᠡᠷᠦᠬᠡ ᠳᠤ ᠥᠭᠴᠦ᠂ ᠳᠠᠩᠰᠠ ᠰᠢᠯᠵᠢᠭᠦᠯᠬᠦ ᠭᠡᠷᠡᠴᠢ ᠪᠠᠷᠢᠮᠲᠠ ᠪᠠᠷ ᠦᠨᠳᠦᠰᠦᠯᠡᠯ ᠪᠣᠯᠭᠠᠵᠤ᠂ ᠪᠡᠯᠡᠨ ᠵᠣᠭᠤᠰ ᠣᠯᠭᠤᠵᠤ ᠪᠣᠯᠬᠤ ᠦᠭᠡᠢ᠃    ︵2︶ ᠵᠠᠬᠢᠶᠠᠯᠠᠭ᠎ᠠ ᠶᠢᠨ ᠲᠠᠷᠢᠶᠠᠯᠠᠩ ᠤᠨ ᠦᠷ᠎ᠡ ᠠᠰᠢᠭ ᠢ ᠪᠤᠳᠤᠬᠤ ᠠᠷᠭ᠎ᠠ᠄ ︵ᠵᠠᠬᠢᠶᠠᠯᠠᠭ᠎ᠠ ᠶᠢᠨ ᠦᠨ᠎ᠡ  ᠠᠴᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠠᠰᠤᠨ᠎ᠠ︶ * ᠪᠣᠷᠣᠯᠠᠭᠤᠯᠬᠤ ᠬᠡᠮᠵᠢᠶ᠎ᠡ ᠨᠢ ᠵᠠᠬᠢᠶᠠᠯᠠᠭ᠎ᠠ ᠶᠢᠨ ᠲᠠᠷᠢᠶᠠᠯᠠᠩ ᠤᠨ ᠦᠷ᠎ᠡ ᠠᠰᠢᠭ ᠪᠠᠶᠢᠵᠤ᠂ ᠵᠠᠬᠢᠶᠠᠯᠠᠭ᠎ᠠ ᠶᠢᠨ ᠦᠨ᠎ᠡ ᠪᠠᠷ ᠵᠠᠬᠢᠶᠠᠯᠠᠭᠰᠠᠨ ᠭᠡᠷ᠎ᠡ ᠶᠢ ᠭᠡᠷᠡᠴᠢᠯᠡᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠪᠠᠯᠭᠠᠰᠤ ᠪᠠ ᠭᠤᠣᠯ ᠴᠣᠭᠴᠠ ᠬᠠᠮᠲᠤ ᠪᠠᠷ ᠪᠠᠶᠢᠴᠠᠭᠠᠵᠤ ᠲᠣᠭᠲᠠᠭᠠᠨ᠎ᠠ᠃ ᠪᠣᠷᠣᠯᠠᠭᠤᠯᠤᠯᠲᠠ ᠶᠢᠨ ᠬᠡᠮᠵᠢᠶ᠎ᠡ ᠶᠢ ᠲᠠᠷᠢᠶᠠᠴᠢᠳ ᠤᠨ ᠭᠠᠷ ᠤᠨ ᠦᠰᠦᠭ ᠵᠢᠷᠤᠵᠤ ᠨᠤᠲᠠᠯᠠᠭᠰᠠᠨ ᠪᠣᠷᠣᠯᠠᠭᠤᠯᠭ᠎ᠠ ᠶᠢᠨ ᠭᠡᠷᠡᠴᠢ ︵ᠳᠠᠭᠠᠯᠳᠤᠭᠤᠯᠤᠯ 1 ᠶᠢ ᠦᠵᠡ︶ ᠪᠠᠷ ᠪᠠᠷᠢᠮᠵᠢᠶ᠎ᠠ ᠪᠣᠯᠭᠠᠨ᠎ᠠ᠃    ︵3︶ ᠲᠠᠷᠢᠶᠠᠯᠠᠩ ᠤᠨ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ ᠦᠷ᠎ᠡ ᠠᠰᠢᠭ ᠢ ᠪᠣᠳᠣᠬᠤ ᠠᠷᠭ᠎ᠠ᠄    ᠲᠠᠷᠢᠶᠠᠯᠠᠩ ᠤᠨ ᠪᠦᠲᠦᠭᠡᠭᠳᠡᠭᠦᠨ ᠢ ᠤᠷᠤᠯᠠᠨ ᠪᠤᠷᠤᠯᠠᠭᠤᠯᠬᠤ ᠦᠷ᠎ᠡ ᠠᠰᠢᠭ = ᠲᠠᠷᠢᠶᠠᠯᠠᠩ ᠤᠨ ᠪᠦᠲᠦᠭᠡᠭᠳᠡᠭᠦᠨ ᠢ ᠤᠷᠤᠯᠠᠨ ᠪᠤᠷᠤᠯᠠᠭᠤᠯᠤᠭᠰᠠᠨ ᠦᠨ᠎ᠡ * ︵ᠪᠤᠲᠠᠲᠠᠢ ᠪᠤᠷᠤᠯᠠᠭᠤᠯᠤᠭᠰᠠᠨ ᠦᠨ᠎ᠡ - ᠵᠠᠬ᠎ᠠ ᠲᠡᠯᠭᠡᠭᠦᠷ ᠤᠨ ᠦᠨ᠎ᠡ︶    ① ᠪᠣᠳᠠᠲᠠᠶ ᠪᠣᠷᠣᠯᠠᠭᠤᠯᠬᠤ ᠦᠨ᠎ᠡ ᠶᠢ ᠳᠠᠩᠰᠠ ᠰᠢᠯᠵᠢᠭᠦᠯᠦᠭᠰᠡᠨ ᠭᠡᠷᠡᠴᠢ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃    ② ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ ᠲᠠᠷᠢᠶᠠᠴᠢᠨ ᠡᠷᠦᠬᠡ ᠶᠢᠨ ᠭᠠᠷ ᠤᠨ ᠦᠰᠦᠭ ᠵᠢᠷᠤᠭᠰᠠᠨ ᠪᠣᠷᠣᠯᠠᠭᠤᠯᠤᠯᠲᠠ ᠶᠢᠨ ᠭᠡᠷᠡᠴᠢ ᠪᠠᠷ ᠪᠠᠷᠢᠮᠵᠢᠶ᠎ᠠ ᠪᠣᠯᠭᠠᠵᠤ᠂ ᠪᠣᠳᠠᠲᠠᠢ ᠣᠷᠣᠯᠠᠨ ᠪᠣᠷᠣᠯᠠᠭᠤᠯᠬᠤ ᠦᠨ᠎ᠡ ᠶᠢ ᠳᠠᠩᠰᠠ ᠰᠢᠯᠵᠢᠭᠦᠯᠦᠭᠰᠡᠨ ᠭᠡᠷᠡᠴᠢ ᠪᠠᠷ ᠪᠠᠷᠢᠮᠵᠢᠶ᠎ᠠ ᠪᠣᠯᠭᠠᠵᠤ᠂ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢ ᠪᠠᠯᠭᠠᠰᠤ ᠬᠢᠭᠡᠳ ᠵᠠᠬ᠎ᠠ ᠳᠡᠯᠭᠡᠭᠦᠷ ᠤᠨ ᠭᠤᠣᠯ ᠴᠣᠭᠴᠠ ᠲᠠᠢ ᠬᠠᠮᠲᠤ ᠪᠠᠷ ᠪᠠᠶᠢᠴᠠᠭᠠᠵᠤ ᠲᠣᠭᠲᠠᠭᠠᠨ᠎ᠠ᠃    ③ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠨᠤᠲᠠᠯᠠᠯᠲᠠ ᠨᠢ ᠡᠮᠦᠨᠡᠬᠢ ᠵᠤᠷᠪᠤᠰ ᠤᠨ ᠱᠠᠭᠠᠷᠳᠠᠯᠭ᠎ᠠ ᠲᠠᠢ ᠠᠳᠠᠯᠢ᠃    ︵4︶ ᠬᠠᠮᠠᠭᠠᠯᠠᠯᠲᠠ ᠶᠢᠨ ᠦᠨ᠎ᠡ ᠶᠢᠨ ᠪᠤᠷᠤᠯᠠᠬᠤᠯᠭ᠎ᠠ ᠨᠢ ᠵᠠᠬᠢᠶᠠᠯᠠᠭ᠎ᠠ ᠶᠢᠨ ᠲᠠᠷᠢᠶᠠᠯᠡᠩ ᠤᠨ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠠᠷᠢᠶᠠᠯᠠᠩ ᠤᠨ ᠦᠷ᠎ᠡ ᠠᠰᠢᠭ ᠢ ᠪᠤᠳᠣᠬᠤ ᠠᠷᠭ᠎ᠠ ᠪᠠᠷ ᠯᠠᠪᠯᠠᠯᠲᠠ ᠪᠤᠯᠭᠠᠵᠤ ᠪᠤᠯᠤᠨ᠎ᠠ᠃    ︵5︶ ᠶᠠᠷᠣᠩᠭᠡᠢ ᠦᠷ᠎ᠡ ᠠᠰᠢᠭ ᠨᠢ ᠶᠠᠷᠣᠩᠭᠡᠢ ᠪᠡᠯᠡ ᠣᠷᠣᠭᠤᠯᠣᠯᠳᠡ ᠶᠢᠨ ᠬᠡᠮᠵᠢᠶ᠎ᠠ ︵ᠡᠳ᠋ ᠬᠦᠷᠣᠩᠭᠡ ᠶᠢᠨ ᠣᠳᠣᠬᠢ ᠣᠷᠳᠡᠭ︶ ᠶᠢᠨ10% ᠬᠦᠷᠬᠦ ᠦᠭᠡᠢ ᠪᠣᠯ ᠪᠠᠳᠣᠯᠠᠪᠣᠷᠢ ᠶᠢᠨ ᠮᠦᠩᠬᠦ ᠨᠢ ᠪᠠᠯᠡ ᠣᠷᠣᠭᠤᠯᠣᠯᠳᠡ ᠶᠢᠨ ᠬᠡᠮᠵᠢᠶᠠᠨ ︵ᠡᠳ᠋ ᠬᠦᠷᠣᠩᠭᠡ ᠶᠢᠨ ᠣᠳᠣᠬᠢ ᠣᠷᠳᠡᠭ︶  ᠤ  4% ᠠᠴᠠ ᠪᠠᠭ᠎ᠠ ᠪᠠᠶᠢᠵᠣ ᠪᠣᠯᠬᠤ ᠦᠭᠡᠢ᠃    ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ ᠭᠤᠶᠤᠴᠢᠯᠠᠨ ᠮᠡᠳᠡᠭᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠨᠢ ᠪᠤᠰᠤᠳ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠲᠠᠢ ᠠᠳᠠᠯᠢ ᠪᠠᠶᠢᠵᠤ᠂ ᠬᠢᠨᠠᠨ ᠵᠥᠪᠰᠢᠶᠡᠷᠡᠬᠦ᠂ ᠢᠯᠡ ᠨᠡᠶᠢᠲᠡᠯᠡᠬᠦ᠂ ᠠᠯᠪᠡᠨ ᠵᠡᠷᠯᠡᠯ ᠵᠡᠷᠭᠡ ᠶᠠᠪᠣᠴᠠ ᠶᠢ ᠬᠦᠢᠴᠡᠳᠭᠡᠨ᠎ᠠ ︽ᠲᠡᠭᠡᠷ᠎ᠡ ᠵᠢᠯ ᠤᠨ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢ ᠬᠡᠷᠡᠭᠯᠡᠬᠦ ᠪᠠᠷ ᠭᠤᠶᠤᠴᠢᠯᠠᠨ ᠮᠡᠳᠡᠭᠦᠯᠬᠦ ᠡᠵᠡᠩᠨᠡᠯᠲᠡ ᠶᠢᠨ ᠭᠤᠤᠯ ᠴᠣᠭᠴᠠ ᠶᠢᠨ ᠲᠠᠰ ᠳᠠᠷᠠᠭᠠᠯᠠᠯ ᠢ ᠵᠦᠢ ᠵᠣᠬᠢᠰᠲᠠᠶ ᠪᠠᠭᠠᠰᠬᠠᠵᠤ ᠪᠣᠯᠤᠨ᠎ᠠ᠂ ᠪᠠᠯᠭᠠᠰᠤᠨ ᠤ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠪᠠᠲᠤᠯᠠᠬᠤ ᠶᠢᠨ ᠬᠠᠮᠲᠤ ᠵᠠᠷᠯᠠᠨ ᠨᠡᠶᠢᠲᠡᠯᠡᠵᠦ᠂ ᠳᠠᠷᠤᠶ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠬᠡᠯᠡᠯᠴᠡᠭᠡᠷ ᠲᠣᠭᠲᠠᠵᠤ ᠪᠣᠯᠤᠨ᠎ᠠ ︾᠃  ︵ᠲᠠᠪᠤ︶ ᠬᠡᠷᠡᠭᠵᠢᠬᠦᠯᠬᠦ ᠶᠠᠪᠣᠴᠠ    ︵ᠨᠢᠭᠡ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢ ᠰᠤᠩᠭᠤᠨ᠎ᠠ᠃    ︵ᠬᠤᠶᠠᠷ︶ ᠪᠠᠯᠭᠠᠰᠤᠨ ᠤ ᠵᠠᠰᠠᠭ ᠤᠨ ᠣᠷᠳᠣᠨ ᠭᠤᠤᠯ ᠴᠣᠭᠴᠠ ᠶᠢ ᠲᠡᠳᠬᠦᠬᠦ ᠪᠡᠯᠡ ᠮᠦᠩᠭᠦ ᠶᠢᠨ ᠬᠡᠮᠵᠢᠶ᠎ᠡ ᠶᠢ ᠲᠤᠭᠲᠠᠭᠠᠨ᠎ᠠ᠃    ︵ᠭᠤᠷᠪᠠ︶ ᠡᠵᠡᠩᠨᠡᠯᠲᠡ ᠶᠢᠨ ᠭᠤᠤᠯ ᠴᠤᠭᠴᠠ ᠪᠡᠯᠡᠳᠬᠡᠮᠵᠢ ᠳᠥᠬᠦᠭᠡᠷᠦᠮᠵᠢ ᠶᠢᠨ ᠬᠡᠯᠪᠡᠷᠢ ᠶᠠᠩᠵᠤ ᠶᠢ ᠰᠤᠩᠭᠤᠨ᠎ᠠ᠃    ︵ᠲᠦᠷᠪᠡ︶ ᠪᠠᠯᠭᠠᠰᠤᠨ ᠤ ᠵᠠᠰᠠᠭ ᠤᠨ ᠣᠷᠳᠣᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠪᠢᠴᠢᠬᠦ ᠪᠥᠭᠡᠳ ᠬᠢᠨᠠᠨ ᠵᠥᠪᠯᠡᠭᠰᠡᠨ ᠤ ᠳᠠᠷᠠᠭ᠎ᠠ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ᠃    ︵ᠲᠠᠪᠤ︶ ᠠᠰᠢᠭ ᠬᠦᠷᠲᠡᠭᠰᠠᠨ ᠲᠣᠰᠬᠤᠨ ᠨᠠᠶᠢᠳᠠᠯᠭ᠎ᠠ ᠶᠢᠨ ᠪᠢᠴᠢᠭ ᠲᠣᠭᠲᠠᠭᠠᠨ᠎ᠠ᠃    ︵ᠵᠢᠷᠭᠤᠭ᠎ᠠ︶ ᠪᠠᠯᠭᠠᠰᠤᠨ ᠤ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠬᠡᠯᠡᠯᠴᠡᠭᠡᠷ ᠲᠣᠭᠲᠠᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠡᠭᠦᠷᠭᠡ ᠶᠢ ᠲᠣᠳᠣᠷᠬᠠᠶᠢᠯᠠᠨ᠎ᠠ᠃    ︵ᠳᠤᠯᠤᠭ᠎ᠠ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠤᠭᠴᠠ ᠬᠡᠯᠡᠯᠴᠡᠭᠡᠷ ᠢᠶᠠᠨ ᠭᠦᠢᠴᠡᠳᠭᠡᠨ᠎ᠠ᠃    ︵ᠨᠠᠢᠮᠠ︶ ᠲᠥᠷᠥᠯ ᠵᠦᠢᠯ ᠤᠨ ᠭᠤᠶᠣᠴᠢᠯᠠᠯᠳᠡ ᠶᠢ 2025 ᠣᠨ ᠤ 4 ᠰᠠᠷ᠎ᠠ ᠶᠢᠨ 20 ᠤ ᠡᠳᠦᠷ ᠳᠠᠭᠤᠰᠬᠠᠨ᠎ᠠ᠃    ︵ᠶᠢᠰᠦ︶ ᠪᠠᠯᠭᠠᠰᠤ ᠪᠠ ᠲᠣᠰᠬᠤᠨ ᠠᠴᠠ ᠬᠤᠯᠪᠣᠭᠠᠯᠠᠨ ᠰᠢᠯᠭᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠵᠢᠯ ᠪᠦᠷᠢ ᠶᠢᠨ ᠬᠡᠯᠡᠯᠴᠡᠭᠡᠷ ᠤᠨ ᠬᠤᠭᠤᠴᠠᠭ᠎ᠠ ᠨᠢ ᠲᠤᠯᠬᠤ ᠠᠴᠠ ᠡᠮᠦᠨ᠎ᠡ ᠨᠢᠭᠡ ᠰᠠᠷ᠎ᠠ ᠳᠤ ᠭᠦᠢᠴᠡᠳᠭᠡᠵᠤ ᠳᠠᠭᠤᠰᠬᠠᠭᠰᠠᠨ ᠪᠠᠶᠢᠳᠠᠯ ᠢ ᠰᠢᠯᠭᠠᠨ ᠪᠠᠶᠢᠴᠠᠭᠠᠵᠣ᠂ ᠰᠢᠯᠭᠠᠨ ᠠᠪᠬᠤ ᠠᠭᠤᠯᠭ᠎ᠠ ᠳᠤ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠪᠠᠶᠢᠳᠠᠯ᠂ ᠲᠠᠷᠢᠶᠠᠴᠢᠳ ᠢ ᠳᠠᠭᠠᠭᠤᠯᠵᠤ ᠣᠷᠣᠯᠭ᠎ᠠ ᠶᠢ ᠨᠡᠮᠡᠭᠳᠡᠭᠦᠯᠦᠭᠰᠡᠨ ᠦᠷ᠎ᠡ ᠪᠦᠲᠦᠮᠵᠢ ᠶᠢ ᠪᠠᠭᠲᠠᠭᠠᠵᠤ ᠂ ᠡᠷᠦᠬᠡ ᠳᠠᠷᠠᠭᠠᠯᠠᠨ ᠥᠷᠨᠢᠭᠦᠯᠬᠦ ᠪᠥᠭᠡᠳ ᠲᠠᠷᠢᠶᠠᠴᠢᠨ ᠡᠷᠦᠬᠡ ᠶᠢ ᠳᠠᠶᠢᠴᠢᠯᠠᠬᠤ ᠨᠣᠲᠠᠯᠠᠯᠲᠠ ᠶᠢᠨ ᠪᠢᠴᠢᠭ ᠲᠠᠢ ᠪᠠᠶᠢᠬᠤ ᠬᠡᠷᠡᠭᠲᠡᠢ᠃    ᠡᠨᠡ ᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠬᠡᠷᠡᠭᠵᠢᠭᠦᠯᠬᠦ ᠲᠥᠰᠦᠯ ᠳᠤ ᠱᠠᠭᠠᠷᠳᠠᠭᠰᠠᠨ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠨᠢ ᠲᠠᠷᠢᠶᠠᠴᠢᠨ ᠡᠷᠦᠬᠡ ᠶᠢᠨ ᠣᠷᠣᠯᠭ᠎ᠠ ᠶᠢ ᠢᠯᠡᠳᠲᠡ ᠨᠡᠮᠡᠭᠳᠡᠭᠦᠯᠬᠦ ᠳᠤ ᠠᠰᠢᠭᠲᠠᠶ ᠶᠤᠮ᠃    ᠠᠷᠪᠠ᠂ ᠵᠥᠷᠢᠶ᠎ᠡ ᠶᠢᠨ ᠬᠠᠷᠢᠴᠠᠭᠤᠯᠤᠯ    ︵ᠨᠢᠭᠡ︶ ᠶᠡᠷᠦᠩᠬᠡᠢ ᠰᠡᠳᠬᠢᠮᠵᠢ —— ᠡᠭᠦᠷᠭᠡ ᠶᠢᠨ ᠬᠠᠷᠠᠯᠲᠠ    2024 ᠣᠨ ᠤ ᠲᠥᠰᠦᠯ᠄ 2024 ᠣᠨ ᠳᠤ ᠬᠠᠪᠰᠤᠷᠤᠨ ᠲᠡᠳᠬᠦᠬᠦ ᠪᠠᠯᠠ ᠮᠥᠩᠭᠦ ᠶᠢ ᠰᠢᠨ᠎ᠡ ᠪᠠᠷ ᠭᠤᠶᠤᠴᠢᠯᠠᠬᠰᠠᠨ ᠡᠵᠡᠩᠨᠡᠯᠲᠡ ᠶᠢᠨ ᠭᠤᠤᠯ ᠴᠣᠭᠴᠠ ᠶᠢ 2 ᠳᠠᠶᠢᠴᠢᠯᠠᠵᠤ᠂ ᠨᠡᠶᠢᠲᠡ 200 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠬᠤ ᠪᠠᠷ ᠲᠥᠯᠥᠪᠯᠡᠵᠣ ᠪᠣᠢ᠃     2025 ᠣᠨ ᠤ ᠲᠥᠰᠦᠯ᠄ 2025 ᠣᠨ ᠳᠤ ᠬᠠᠪᠰᠤᠷᠤᠨ ᠲᠡᠳᠬᠦᠬᠦ ᠪᠠᠯᠠ ᠮᠥᠩᠭᠦ ᠶᠢ ᠰᠢᠨ᠎ᠡ ᠪᠠᠷ ᠭᠤᠶᠤᠴᠢᠯᠠᠬᠰᠠᠨ ᠡᠵᠡᠩᠨᠡᠯᠲᠡ ᠶᠢᠨ ᠭᠤᠤᠯ ᠴᠣᠭᠴᠠ ᠶᠢ 1 ᠳᠠᠶᠢᠴᠢᠯᠠᠵᠦ᠂ ᠨᠡᠶᠢᠲᠡ 150 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠬᠤ ᠪᠠᠷ ᠲᠥᠯᠥᠪᠯᠡᠵᠦ ᠪᠣᠶ᠃     ︵ᠬᠤᠶᠠᠷ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠰᠣᠩᠭᠤᠬᠤ ᠨᠥᠬᠦᠴᠡᠯ ᠵᠢᠴᠢ ᠬᠠᠷᠢᠭᠤᠴᠠᠯᠭ᠎ᠠ ᠶᠢ ᠡᠬᠦᠷᠭᠡᠯᠡᠨ᠎ᠠ —— ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠭᠦᠷᠭᠡᠯᠡᠬᠦ  ᠶᠣᠰᠣᠳᠡᠢ ᠬᠠᠷᠢᠭᠤᠴᠠᠯᠭ᠎ᠠ    2024 ᠣᠨ ᠤ ᠲᠥᠰᠦᠯ᠄ 100 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠬᠤ ᠪᠦᠷᠢ᠂ ᠨᠠᠭᠠᠳᠤ ᠵᠠᠬ᠎ᠠ ᠳᠠᠭᠠᠨ ᠲᠣᠰ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠳᠠᠶᠢᠴᠢᠯᠠᠨ ᠵᠢᠯ ᠲᠤᠷᠰᠢ 1 ᠬᠥᠮᠦᠨ ᠪᠤᠶᠤ ᠠᠵᠢᠯ ᠤᠯᠬᠤ ᠴᠠᠭ ᠢ ᠨᠢ 6 ᠰᠠᠷ᠎ᠠ ᠠᠴᠠ ᠳᠡᠭᠡᠭᠰᠢ 2 ᠬᠥᠮᠦᠨ ᠳᠤ ᠲᠣᠬᠳᠡᠪᠣᠷᠢᠳᠡᠢ ᠠᠵᠢᠯ ᠣᠯᠭᠤᠬᠤ᠂ 100 ᠡᠳᠦᠷ ᠠᠴᠠ ᠳᠡᠭᠡᠭᠰᠢ 3 ᠬᠥᠮᠦᠨ ᠳᠤ ᠠᠮᠢᠳᠤᠯᠢᠭ ᠢᠶᠠᠷ ᠠᠵᠢᠯ ᠣᠯᠭᠤᠨ᠎ᠠ᠃ ᠬᠠᠪᠰᠤᠷᠤᠨ ᠲᠡᠳᠬᠦᠬᠦ ᠪᠡᠯᠡ ᠮᠥᠩᠭᠦ ᠶᠢ ᠲᠤᠰ ᠭᠤᠣᠯ ᠴᠣᠭᠴᠠ ᠶᠢᠨ ᠲᠣᠭᠲᠠᠮᠠᠯ ᠬᠥᠷᠥᠩᠭᠡ ᠶᠢᠨ 30% ᠠᠴᠠ ᠬᠡᠲᠦᠷᠡᠭᠦᠯᠵᠦ ᠪᠣᠯᠬᠤ ᠦᠭᠡᠢ᠂ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠭᠤᠶᠤᠴᠢᠯᠠᠵᠤ ᠪᠣᠯᠤᠨ᠎ᠠ᠃ 2025 ᠣᠨ ᠤ ᠲᠥᠰᠦᠯ᠄ 100 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠬᠤ ᠪᠦᠷᠢ᠂ ᠨᠠᠭᠠᠳᠤ ᠵᠠᠬ᠎ᠠ ᠳᠤ ᠪᠠᠨ ᠲᠣᠰ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠳᠠᠶᠢᠴᠢᠯᠠᠨ ᠵᠢᠯ ᠲᠤᠷᠰᠢ 1 ᠬᠥᠮᠦᠨ ᠪᠤᠶᠤ ᠠᠵᠢᠯ ᠤᠯᠬᠤ ᠴᠠᠭ ᠢ ᠨᠢ 6 ᠰᠠᠷ᠎ᠠ ᠠᠴᠠ ᠳᠡᠭᠡᠭᠰᠢ 2 ᠬᠥᠮᠦᠨ ᠳᠤ ᠲᠣᠬᠳᠡᠪᠣᠷᠢᠳᠡᠢ ᠠᠵᠢᠯ ᠣᠯᠭᠤᠬᠤ᠂ 100 ᠡᠳᠦᠷ ᠠᠴᠠ ᠳᠡᠭᠡᠭᠰᠢ 3 ᠬᠥᠮᠦᠨ ᠳᠤ ᠠᠮᠢᠳᠤᠯᠢᠭ ᠢᠶᠠᠷ ᠠᠵᠢᠯ ᠣᠯᠭᠤᠨ᠎ᠠ᠃ ᠬᠠᠪᠰᠤᠷᠤᠨ ᠲᠡᠳᠬᠦᠬᠦ ᠪᠡᠯᠡ ᠮᠥᠩᠭᠦ ᠶᠢ ᠲᠤᠰ ᠭᠤᠣᠯ ᠴᠣᠭᠴᠠ ᠶᠢᠨ ᠲᠣᠭᠲᠠᠮᠠᠯ ᠬᠥᠷᠥᠩᠭᠡ ᠶᠢᠨ 30% ᠠᠴᠠ ᠬᠡᠲᠦᠷᠡᠭᠦᠯᠵᠦ ᠪᠣᠯᠬᠤ ᠦᠭᠡᠢ᠂ ᠬᠠᠮᠤᠭ ᠤᠨ ᠥᠨᠳᠥᠷ ᠲᠤ ᠪᠠᠨ 150 ᠲᠦᠮᠡᠨ ᠲᠥᠭᠦᠷᠢᠭ ᠭᠤᠶᠤᠴᠢᠯᠠᠵᠤ ᠪᠣᠯᠤᠨ᠎ᠠ᠃     ︵ᠭᠤᠷᠪᠠ︶  ᠭᠡᠷᠡᠭᠵᠢᠬᠦᠯᠬᠦ ᠪᠠᠷᠢᠮᠵᠢᠶ᠎ᠠ    2024 ᠣᠨ ᠤ ᠲᠥᠰᠦᠯ᠄ ᠪᠠᠯᠭᠠᠰᠤᠨ ᠤ ᠵᠠᠰᠠᠭ ᠤᠨ ᠣᠷᠳᠣᠨ ︵ᠪᠤᠶᠤ ᠲᠣᠰᠬᠤᠨ ᠤ ᠬᠠᠮᠲᠤ ᠨᠡᠶᠢᠲᠡ︶ ᠨᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠯᠤᠭ᠎ᠠ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠬᠡᠯᠡᠯᠴᠡᠭᠡᠷ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠡᠷᠡᠭᠵᠢᠭᠦᠯᠬᠦ ᠭᠤᠤᠯ ᠴᠣᠭᠴᠠ ᠠᠴᠠ ᠵᠥᠪᠰᠢᠶᠡᠷᠡᠬᠦᠯᠥᠭᠰᠠᠨ ᠠᠭᠤᠯᠭ᠎ᠠ ᠶᠢᠨ ᠶᠣᠰᠣᠭᠠᠷ ᠲᠥᠷᠥᠯ ᠵᠦᠢᠯ ᠢ ᠪᠦᠳᠣᠭᠡᠨ ᠪᠠᠶᠢᠭᠤᠯᠣᠨ᠎ᠠ᠃     2025 ᠣᠨ ᠤ ᠲᠥᠰᠦᠯ᠄ ᠪᠠᠯᠭᠠᠰᠤᠨ ᠤ ᠵᠠᠰᠠᠭ ᠤᠨ ᠣᠷᠳᠣᠨ ︵ᠪᠤᠶᠤ ᠲᠣᠰᠬᠤᠨ ᠤ ᠬᠠᠮᠲᠤ ᠨᠡᠶᠢᠲᠡ︶ ᠨᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠯᠤᠭ᠎ᠠ ᠲᠠᠷᠢᠶᠠᠯᠠᠩ ᠠᠵᠣ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠬᠡᠯᠡᠯᠴᠡᠭᠡᠷ ᠲᠣᠭᠲᠠᠵᠤ᠂ ᠬᠡᠷᠡᠭᠵᠢᠭᠦᠯᠬᠦ ᠭᠤᠤᠯ ᠴᠣᠭᠴᠠ ᠠᠴᠠ ᠵᠥᠪᠰᠢᠶᠡᠷᠡᠬᠦᠯᠥᠭᠰᠠᠨ ᠠᠭᠤᠯᠭ᠎ᠠ ᠶᠢᠨ ᠶᠣᠰᠣᠭᠠᠷ ᠲᠥᠷᠥᠯ ᠵᠦᠢᠯ ᠢ ᠪᠥᠲᠥᠭᠡᠨ ᠪᠠᠶᠢᠭᠤᠯᠵᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠴᠢᠬᠤᠯᠠ ᠥᠬᠡᠶ᠃  ︵ᠲᠦᠷᠪᠡ︶ ᠬᠡᠷᠡᠭᠵᠢᠭᠦᠯᠬᠦ ᠶᠠᠪᠣᠴᠠ —— ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠤᠭᠴᠠ ᠶᠢ ᠰᠤᠩᠭᠤᠨ᠎ᠠ    2024 ᠣᠨ ᠤ ᠲᠥᠰᠦᠯ᠄ ᠪᠠᠯᠭᠠᠰᠤᠨ ᠲᠠᠰ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠰᠣᠩᠭᠤᠨ ᠭᠠᠷᠭᠠᠵᠤ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠬᠦᠷᠥᠭᠡᠳ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠲᠥᠷᠥᠯ ᠵᠦᠢᠯ ᠢ ᠭᠤᠶᠤᠴᠢᠯᠠᠬᠤ ᠮᠡᠳᠡᠭᠦᠯᠣᠯᠳᠡ ᠳᠡᠪᠰᠢᠭᠦᠯᠵᠦ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠵᠦ ᠬᠠᠮᠤᠭ ᠰᠠᠬᠦᠯ ᠳᠤ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠨ᠎ᠠ᠃ 2025 ᠣᠨ ᠤ ᠲᠥᠰᠦᠯ᠄ ᠪᠠᠯᠭᠠᠰᠤᠨ ᠲᠠᠰ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠰᠣᠩᠭᠤᠨ ᠭᠠᠷᠭᠠᠵᠤ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠬᠦᠷᠣᠭᠡᠳ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠲᠥᠷᠥᠯ ᠵᠦᠢᠯ ᠭᠤᠶᠤᠴᠢᠯᠠᠬᠤ ᠮᠡᠳᠡᠭᠦᠯᠦᠯᠲᠡ ᠳᠡᠪᠰᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ ᠪᠠᠲᠤᠯᠠᠭᠠᠳ ᠬᠠᠮᠤᠭ ᠰᠠᠬᠦᠯ ᠳᠤ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠨ᠎ᠠ᠃       ︵ᠲᠠᠪᠤ︶ ᠬᠡᠷᠡᠭᠵᠢᠭᠦᠯᠬᠦ ᠶᠠᠪᠣᠴᠠ —— ᠵᠣᠬᠢᠶᠠᠨ ᠪᠠᠶᠢᠭᠤᠯᠵᠤ ᠰᠢᠯᠭᠠᠨ ᠠᠪᠤᠨ᠎ᠠ    2024 ᠣᠨ ᠤ ᠲᠥᠰᠦᠯ᠄ ᠰᠢᠯᠭᠠᠨ ᠪᠠᠶᠢᠴᠠᠭᠠᠯᠳᠡ ᠳᠤ ᠬᠢᠷᠢ ᠲᠡᠩᠴᠡᠭᠰᠡᠨ ᠤ ᠳᠠᠷᠠᠭ᠎ᠠ ᠰᠢᠯᠭᠠᠨ ᠪᠠᠶᠢᠴᠠᠭᠠᠯᠳᠡ ᠶᠢᠨ ᠮᠡᠳᠡᠭᠦᠯᠦᠯᠲᠡ ᠶᠢᠨ ᠪᠢᠴᠢᠭ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠨᠡᠷᠡᠰ ᠢ ᠲᠠᠭᠯᠠᠵᠤ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃     2025 ᠣᠨ ᠤ ᠲᠥᠰᠦᠯ᠄ ᠰᠢᠯᠭᠠᠨ ᠪᠠᠶᠢᠴᠠᠭᠠᠯᠳᠡ ᠳᠤ ᠬᠢᠷᠢ ᠲᠡᠩᠴᠡᠭᠰᠡᠨ ᠤ ᠳᠠᠷᠠᠭ᠎ᠠ ᠰᠢᠯᠭᠠᠨ ᠪᠠᠶᠢᠴᠠᠭᠠᠯᠳᠡ ᠶᠢᠨ ᠮᠡᠳᠡᠭᠦᠯᠦᠯᠲᠡ ᠶᠢᠨ ᠪᠢᠴᠢᠭ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠨᠡᠷᠡᠰ ᠢ ᠲᠠᠭᠯᠠᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠣᠨ᠎ᠠ᠃     ︵ᠵᠢᠷᠭᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ —— ᠬᠠᠤᠯᠢ ᠴᠠᠭᠠᠵᠠ ᠶᠢᠨ ᠶᠠᠪᠣᠴᠠ    2024 ᠣᠨ ᠤ ᠲᠥᠰᠦᠯ᠄ ᠡᠯ᠎ᠡ ᠵᠦᠢᠯ ᠤᠨ ᠲᠣᠬᠳᠡᠬᠰᠠᠨ ᠬᠡᠯᠡᠯᠴᠡᠭᠡᠷ᠂ ᠭᠡᠷ᠎ᠡ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠪᠥᠭᠡᠳ ᠠᠯᠪᠠᠨ ᠭᠡᠷᠡᠴᠢᠯᠡᠭᠡ ᠶᠢᠨ ᠭᠠᠵᠠᠷ ᠢᠶᠠᠷ ᠳᠠᠮᠵᠢᠨ ᠠᠯᠪᠠᠨ ᠭᠡᠷᠡᠴᠢᠯᠡᠭᠡ ᠬᠢᠯᠭᠡᠨ᠎ᠡ᠃     2025 ᠣᠨ ᠤ ᠲᠥᠰᠦᠯ᠄ ᠡᠯ᠎ᠡ ᠵᠦᠢᠯ ᠤᠨ ᠲᠣᠬᠳᠡᠬᠰᠠᠨ ᠬᠡᠯᠡᠯᠴᠡᠭᠡᠷ᠂ ᠭᠡᠷ᠎ᠡ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠪᠥᠭᠡᠳ ᠠᠯᠪᠠᠨ ᠭᠡᠷᠡᠴᠢᠯᠡᠭᠡ ᠶᠢᠨ ᠭᠠᠵᠠᠷ ᠢᠶᠠᠷ ᠠᠯᠪᠠᠨ ᠭᠡᠷᠡᠴᠢᠯᠡᠭᠡ ᠬᠢᠯᠭᠡᠨ᠎ᠡ᠃    ᠲᠣᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠷᠡᠰᠢᠶᠠᠨ ᠬᠤᠳᠡ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠨᠡᠶᠢᠲᠡᠯᠡᠵᠦ᠂ ᠬᠡᠷᠪᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠣᠶᠢᠯᠠᠭᠠᠬᠤ ᠴᠢᠬᠤᠯᠠᠳᠡᠢ ᠪᠣᠯ ᠪᠦᠷᠢᠨ ᠪᠦᠲᠦᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠪᠠᠶᠢᠴᠠᠭᠠᠨ ᠦᠵᠡᠬᠦ ᠪᠤᠶᠤ ᠠᠰᠠᠭᠤᠨ ᠯᠠᠪᠯᠠᠬᠤ ᠤᠲᠠᠰᠤ ᠪᠠᠷ ᠠᠰᠠᠭᠤᠨ ᠯᠠᠪᠯᠠᠵᠣ ᠪᠣᠯᠣᠨ᠎ᠠ᠃    ᠠᠰᠠᠭᠤᠨ ᠯᠠᠪᠯᠠᠬᠤ ᠤᠲᠠᠰᠤ᠄ 0482 - 7123203 ᠪᠣᠯᠣᠨ᠎ᠠ᠃    ᠠᠰᠠᠭᠤᠨ ᠯᠠᠪᠯᠠᠬᠤ ᠬᠠᠶ᠋ᠢᠭ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠲᠠᠪᠬᠤᠷᠯᠢᠭ ᠤᠨ 410 ᠠᠯᠪᠠᠨ ᠭᠡᠷ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号