ᠡᠮᠡᠭᠲᠡᠶᠢᠴᠦᠳ ᠮᠢᠬ᠎ᠠ ᠠᠷᠪᠢᠨ ᠢᠳᠡᠪᠡᠯ ᠡᠳᠡᠭᠡᠷ ᠰᠠᠶᠢᠨ ᠲᠠᠯ᠎ᠠ ᠲᠠᠢ
ᠨᠡᠶᠢᠲᠡᠯᠡᠭᠰᠡᠨ ᠴᠠᠭ᠄
2025/6/24
      1. ᠡᠮᠡᠭᠲᠡᠶᠢᠴᠦᠳ ᠨᠢ ᠡᠷᠡᠭᠲᠡᠶᠢᠴᠦᠳ ᠠᠴᠠ ᠢᠯᠡᠭᠦᠦ ᠲᠡᠮᠦᠷ ᠱᠠᠭᠠᠷᠳᠠᠳᠠᠭ᠃ ᠮᠢᠬᠠᠨ ᠤ ᠵᠦᠢᠯ ᠪᠣᠯ ᠴᠢᠰᠤᠨ ᠤᠯᠠᠭᠠᠨ ᠡᠳ᠋ ᠠᠭᠤᠯᠤᠭᠰᠠᠨ ᠲᠡᠮᠦᠷ ᠨᠡᠯᠢᠶᠡᠳ ᠡᠯᠪᠡᠭ ᠢᠳᠡᠭᠡᠨ ᠮᠦᠨ᠃     2. ᠮᠢᠬ᠎ᠠ ᠢᠳᠡᠬᠦ ᠦᠭᠡᠢ ᠪᠣᠯ ᠸᠢᠲ᠋ᠠᠮᠢᠨ B12 ᠳᠤᠲᠠᠬᠤ ᠪᠣᠯᠤᠨ᠎ᠠ᠃ ᠸᠢᠲ᠋ᠠᠮᠢᠨ B12 ᠳᠤᠲᠠᠪᠠᠯ ᠬᠥᠮᠦᠨ ᠤ ᠮᠡᠳᠡᠷᠡᠯ ᠤᠨ ᠰᠢᠰᠲ᠋ᠧᠮ ᠳᠤ ᠠᠰᠠᠭᠤᠳᠠᠯ ᠭᠠᠷᠴᠤ ᠮᠡᠳᠡᠨ᠎ᠡ᠃     3. ᠪᠤᠯᠴᠢᠩ ᠤᠨ ᠴᠢᠳᠠᠪᠤᠷᠢ ᠠᠯᠳᠠᠭᠳᠠᠬᠤ ᠶᠢ ᠰᠡᠷᠬᠡᠶᠢᠯᠡᠨ᠎ᠠ᠃ ᠬᠡᠷᠪᠡ ᠮᠢᠬ᠎ᠠ ᠢᠳᠡᠬᠦ ᠦᠭᠡᠢ ᠪᠤᠶᠤ ᠮᠢᠬ᠎ᠠ ᠶᠢᠨ ᠵᠦᠢᠯ ᠢ ᠭᠦᠢᠴᠡᠳ ᠢᠳᠡᠬᠦ ᠦᠭᠡᠢ ᠪᠣᠯ ᠤᠭᠤᠷᠠᠭ ᠤᠨ ᠰᠢᠩᠭᠡᠭᠡᠯᠲᠡ ᠶᠢ ᠰᠢᠭᠤᠳ ᠨᠥᠯᠥᠭᠡᠯᠡᠬᠦ ᠶᠢᠨ ᠤᠯᠠᠮ ᠢᠶᠠᠷ ᠪᠤᠯᠴᠢᠩ ᠤᠨ ᠨᠡᠶᠢᠯᠡᠯᠭᠡ ᠶᠢ ᠨᠥᠯᠥᠭᠡᠯᠡᠨ᠎ᠡ᠃     4. ᠮᠢᠬ᠎ᠠ ᠢᠳᠡᠪᠡᠯ ᠶᠠᠰᠤ ᠪᠡᠷᠲᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠮᠢᠬᠠᠨ ᠤ ᠳᠣᠲᠣᠷᠠᠬᠢ ᠤᠭᠤᠷᠠᠭ᠂ ᠮᠠᠭᠨᠢ᠂ ᠹᠣᠰᠹᠣᠷ ᠵᠡᠷᠭᠡ ᠰᠢᠮ᠎ᠡ ᠲᠡᠵᠢᠭᠡᠯ ᠨᠢ ᠠᠷᠤᠭ ᠶᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠠᠰᠢᠭᠲᠠᠶ᠃     ᠡᠷᠡᠭᠦᠯ ᠢᠶᠠᠷ ᠮᠢᠬ᠎ᠠ ᠢᠳᠡᠬᠦ ᠭᠤᠷᠪᠠᠨ ᠰᠠᠨᠠᠭᠤᠯᠭ᠎ᠠ᠄     1. ᠬᠡᠮᠵᠢᠶ᠎ᠡ ᠶᠢ ᠡᠵᠡᠮᠳᠡᠬᠦ ᠨᠢ ᠮᠠᠰᠢ ᠵᠠᠩᠭᠢᠯᠠᠭ᠎ᠠ ᠶᠤᠮ᠃ ᠨᠠᠰᠤᠨ ᠳᠤ ᠬᠦᠷᠦᠭᠰᠡᠳ ᠡᠳᠦᠷ ᠪᠦᠷᠢ 120 ~ 200g ᠠᠮᠢᠲᠠᠨ ᠤ ᠮᠢᠬ᠎ᠠ ᠠᠭᠤᠯᠤᠬᠰᠠᠨ ᠢᠳᠡᠭᠡᠨ ᠢᠳᠡᠬᠦ ᠴᠢᠬᠤᠯᠠᠳᠠᠢ᠂ ᠲᠤᠬᠠᠢᠢᠯᠠᠪᠠᠯ ᠵᠢᠭᠠᠰᠤᠨ ᠤ ᠲᠥᠷᠥᠯ ᠢ ᠳᠤᠮᠳᠠᠴᠢ ᠪᠠᠷ 40~75g᠂ ᠮᠠᠯ ᠵᠢᠭᠦᠷᠲᠡᠨ ᠤ ᠮᠢᠬᠠᠨ ᠤ ᠲᠥᠷᠥᠯ ᠢ 40 ~75g᠂ ᠥᠨᠳᠡᠭᠡᠨ ᠤ ᠲᠥᠷᠥᠯ ᠢ 40~50g ᠢᠳᠡᠵᠦ᠂ ᠬᠠᠷᠢᠯᠴᠠᠨ ᠰᠣᠯᠢᠵᠤ ᠢᠳᠡᠵᠦ ᠪᠣᠯᠤᠨ᠎ᠠ᠃ ᠢᠯᠠᠩᠭᠤᠶ᠎ᠠ ᠤᠯᠠᠭᠠᠨ ᠢᠳᠡᠭᠡᠨ ᠢᠳᠡᠬᠦ ᠬᠡᠮᠵᠢᠶ᠎ᠡ ᠶᠢ ᠰᠠᠶᠢᠲᠤᠷ ᠬᠢᠵᠠᠭᠠᠷᠯᠠᠬᠤ ᠬᠡᠷᠡᠭᠲᠡᠶ᠂ ᠭᠠᠭ᠋ᠠᠶ ᠦᠬᠡᠷ ᠬᠤᠨᠢ ᠵᠡᠷᠭᠡ ᠮᠠᠯ ᠤᠨ ᠮᠢᠬ᠎ᠠ ᠪᠣᠯ ᠤᠯᠠᠭᠠᠨ ᠢᠳᠡᠭᠡᠨ ᠳᠤ ᠲᠣᠭᠠᠴᠠᠭᠳᠠᠨ᠎ᠠ᠃ ᠤᠷᠢᠳ ᠢᠶᠠᠷ ᠬᠠᠷ᠎ᠠ ᠮᠢᠬ᠎ᠠ ᠢᠳᠡᠵᠦ᠂ ᠲᠠᠷᠠᠭ᠎ᠠ ᠨᠢ ᠵᠢᠭᠦᠷᠲᠡᠨ ᠤ ᠮᠢᠬ᠎ᠠ ᠪᠠ ᠵᠢᠭᠠᠰᠤ ᠰᠠᠮ ᠬᠢᠰᠤᠭ᠎ᠠ ᠶᠢᠨ ᠲᠥᠷᠥᠯ ᠢ ᠰᠣᠩᠭᠤᠬᠤ ᠶᠢ ᠰᠠᠨᠠᠭᠤᠯᠤᠶ᠎ᠠ᠃     2. ᠬᠠᠭᠤᠷᠤᠯᠭ᠎ᠠ ᠬᠢᠬᠦ ᠠᠷᠭ᠎ᠠ ᠶᠢ ᠵᠥᠪ ᠰᠣᠩᠭᠤᠬᠤ ᠴᠢᠬᠤᠯᠠᠳᠠᠢ᠃ ᠮᠢᠬᠠᠨ ᠤ ᠬᠠᠭᠤᠷᠤᠯᠭ᠎ᠠ ᠬᠢᠬᠦ ᠳᠡᠭᠡᠨ ᠲᠣᠰᠣ ᠪᠠᠭ᠎ᠠ ᠬᠢᠵᠦ ᠬᠠᠭᠤᠷᠬᠤ ᠠᠷᠭ᠎ᠠ ᠶᠢ ᠭᠡᠷᠡᠭᠯᠡᠭᠡᠷᠡᠢ᠃     3. ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠤᠲᠤᠮᠠᠯ ᠮᠢᠬ᠎ᠠ᠂ ᠪᠣᠷᠴᠠ᠂ ᠫᠧᠢᠢᠭᠸᠡ᠂ ᠬᠢᠮ᠎ᠠ ᠵᠡᠷᠭᠡ ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠦᠨᠡᠬᠡᠷ ᠮᠢᠬ᠎ᠠ ᠢᠳᠡᠬᠦ ᠳᠤᠷ᠎ᠠ ᠦᠭᠡᠢ ᠪᠤᠯ ᠶᠠᠭᠠᠬᠢᠬᠤ ᠪᠤᠢ︖ ᠤᠭᠤᠷᠠᠭ᠂ ᠸᠢᠲ᠋ᠠᠮᠢᠨ B 12᠂ ᠲᠡᠮᠦᠷ ᠨᠥᠬᠦᠬᠦ ᠭᠡᠷᠡᠭᠳᠡᠢ᠃     ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号