ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠯᠥᠪᠵᠢᠭᠦᠯᠦᠨ ᠬᠥᠭᠵᠢᠭᠦᠯᠬᠦ | ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠳᠠᠷᠤᠭ᠎ᠠ ᠵᠤᠸᠠᠩ ᠨᠢᠩ 10 ᠤ ᠡᠳᠦᠷ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠬᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠮᠠᠨ ᠤ ᠤᠯᠤᠰ | ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠭᠡᠬᠦ ᠪᠠ ᠲᠡᠩᠴᠡᠭᠦᠷᠢᠲᠡᠶ | ᠪᠠᠶᠢᠷᠢᠰᠢᠭᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ ᠤᠯᠤᠰ ᠤᠨ 81 ᠲᠤᠷᠰᠢᠯᠲᠠ ᠶᠢᠨ ᠴᠡᠭ ᠤᠨ ᠬᠤᠲᠠ ᠳᠤ | ᠨᠢᠭᠳᠠᠷᠠᠭᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ | ᠂ ᠡᠮᠴᠢᠯᠡᠭᠡᠨ ᠤ ᠡᠬᠢ ᠪᠠᠶᠠᠯᠢᠭ ᠢ ᠨᠡᠶᠢᠳᠡᠮ ᠳᠡᠭᠡᠨ ᠬᠠᠮᠲᠤ ᠪᠠᠷ ᠡᠳ᠋ᠯᠡᠬᠦ ᠶᠢ ᠠᠬᠢᠭᠤᠯᠪᠠ᠃ 2024 ᠣᠨ ᠳᠤ᠂ | ᠪᠥᠬᠦ ᠤᠯᠤᠰ ᠤᠨ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠦᠭᠰᠡᠨ ᠬᠥᠮᠦᠨ ᠤ ᠲᠤᠭ᠎ᠠ 3656.7 ᠲᠦᠮᠡ ᠳᠤ | ᠬᠦᠷᠴᠦ᠂ 2023 ᠣᠨ ᠤ ᠬᠢ ᠠᠴᠠ 20.6% ᠪᠠᠷ ᠨᠡᠮᠡᠭᠳᠡᠪᠡ᠃ | ᠣᠶᠢᠷ᠎ᠠ ᠶᠢᠨ ᠵᠢᠯ ᠤᠳ ᠲᠤ᠂ ᠮᠠᠨ ᠤ ᠤᠯᠤᠰ ︽ᠬᠦᠨᠳᠦ ᠡᠪᠡᠳᠴᠢᠨ ᠢ ᠮᠤᠵᠢ ᠳᠤᠳᠤᠷ᠎ᠠ ᠪᠠᠨ | ᠦᠵᠡᠭᠦᠯᠵᠤ᠂ ᠡᠩ ᠤᠨ ᠡᠪᠡᠳᠴᠢᠨ ᠢ ᠬᠤᠲᠠ ᠰᠢᠶᠠᠨ ᠳᠤ ᠰᠢᠢᠳᠪᠦᠷᠢᠯᠡᠵᠦ᠂ ᠡᠳᠦᠷ ᠲᠤᠲᠤᠮ ᠤᠨ ᠡᠪᠡᠳᠴᠢᠨ ᠢ | ᠦᠨᠳᠦᠰᠦᠨ ᠱᠠᠲᠤᠨ ᠳᠤ ᠰᠢᠢᠳᠪᠦᠷᠢᠯᠡᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠣᠯᠠᠨ ᠲᠦᠮᠡᠨ ᠳᠤ | ᠰᠢᠰᠲ᠋ᠧᠮ ᠲᠠᠢ ᠦᠷᠭᠦᠯᠵᠢᠯᠡᠭᠰᠡᠨ᠂ ᠣᠶᠢᠷ᠎ᠠ ᠬᠠᠪᠢ ᠳᠤᠨᠢ ᠳᠥᠭᠦᠮ ᠳᠥᠲᠡ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠬᠦᠴᠦᠯᠡᠨ ᠬᠠᠩᠭᠠᠵᠤ ᠪᠠᠶᠢᠨ᠎ᠠ᠃ | ᠵᠤᠸᠠᠩ ᠨᠢᠩ᠂ ᠤᠯᠤᠰ ᠤᠨ ᠠᠨᠠᠭᠠᠬᠤ ᠤᠬᠠᠭᠠᠨ ᠤ ᠲᠥᠪ ᠪᠠ ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠲᠣᠭᠲᠠᠭᠤᠨ ᠢᠶᠠᠷ ᠠᠭᠢᠵᠤ᠂ ᠣᠳᠣᠬᠠᠨ ᠳᠤ ᠨᠢᠭᠡᠨᠲᠡ 13 | ᠰᠠᠯᠠᠭᠠᠨ ᠤ ᠤᠯᠤᠰ ᠤᠨ ᠠᠨᠠᠭᠠᠬᠤ ᠤᠬᠠᠭᠠᠨ ᠤ ᠲᠥᠪ ᠪᠠ ᠬᠡᠦᠬᠡᠳ ᠤᠨ ᠰᠠᠯᠠᠭᠠᠨ ᠤ ᠤᠯᠤᠰ ᠤᠨ ᠣᠷᠣᠨ | ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠵᠤ᠂ 125 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ | ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠵᠦ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠤᠯᠤᠰ ᠤᠨ | ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠡᠮᠬᠢ ᠵᠢᠷᠤᠮ ᠲᠠᠢ | ᠳᠠᠶᠢᠴᠢᠯᠠᠪᠠ ᠭᠡᠵᠡᠶ᠃ | ᠰᠢᠶᠠᠨ ᠤ ᠡᠮᠴᠢᠯᠡᠭᠡᠨ ᠤ ᠡᠬᠢ ᠪᠠᠶᠠᠯᠢᠭ ᠢ ᠡᠮᠬᠢᠳᠭᠡᠨ ᠨᠡᠶᠢᠯᠡᠭᠦᠯᠬᠦ ᠪᠠ ᠰᠢᠯᠢᠳᠡᠭᠵᠢᠭᠦᠯᠦᠨ | ᠲᠣᠬᠢᠷᠠᠭᠤᠯᠬᠤ ᠶᠢ ᠵᠡᠷᠭᠡ ᠪᠠᠷ ᠴᠢᠩᠭᠠᠳᠬᠠᠪᠠ᠃ 2024 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠨᠢᠭᠡᠨᠲᠡ | 2188 ᠰᠢᠶᠠᠨ ︵ᠬᠤᠲᠠ᠂ ᠲᠣᠭᠤᠷᠢᠭ︶ ᠨᠢᠭᠲᠠᠷᠬᠠᠰᠠᠨ ᠬᠡᠯᠪᠡᠷᠢ ᠶᠢᠨ ᠰᠢᠶᠠᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠮᠤᠵᠢ ᠪᠠᠷ ᠨᠢᠭᠡᠴᠢ ᠪᠣᠯᠭᠠᠨ ᠪᠦᠬᠦᠨ ᠢ ᠪᠦᠷᠬᠦᠭᠦᠯᠬᠦ ᠶᠢ | ᠪᠡᠶᠡᠯᠡᠭᠦᠯᠪᠡ︔ ᠰᠢᠶᠠᠨ ᠤ ᠬᠡᠷᠡᠯ ᠵᠢᠷᠤᠭ᠂ ᠵᠢᠷᠦᠬᠡᠨ ᠤ ᠯᠤᠭᠰᠢᠯᠲᠠ ᠶᠢᠨ ᠵᠢᠷᠤᠭ᠂ ᠰᠢᠯᠭᠠᠨ ᠪᠠᠶᠢᠴᠠᠭᠠᠬᠤ ᠵᠡᠷᠭᠡ | ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠥᠪ ᠵᠢᠴᠢ ᠭᠤᠤᠯ ᠡᠮ ᠤᠨ ᠳᠡᠯᠭᠡᠭᠦᠷ ᠨᠢ ᠨᠡᠶᠢᠲᠡ 1.9 ᠳ᠋ᠦᠩᠰᠢᠭᠤᠷ | ᠰᠢᠬᠠᠮ ᠤᠳᠠᠭ᠎ᠠ ᠦᠢᠯᠡᠴᠢᠯᠡᠭᠡ ᠬᠠᠩᠭᠠᠵᠤ᠂ ᠨᠠᠩ ᠣᠯᠠᠨ ᠬᠦᠮᠦᠰ ︽ᠦᠨᠳᠦᠰᠦᠨ ᠱᠠᠲᠤᠨ ᠤ ᠪᠠᠶᠢᠴᠠᠭᠠᠯᠲᠠ᠂ | ᠳᠡᠭᠡᠳᠦ ᠱᠠᠲᠤᠨ ᠤ ᠣᠨᠣᠰᠢᠯᠠᠯᠲᠠ᠂ ᠦᠷ᠎ᠡ ᠳ᠋ᠦᠩ ᠢ ᠬᠠᠷᠢᠯᠴᠠᠨ ᠮᠡᠳᠡᠷᠡᠬᠦ︾ ᠲᠥᠬᠦᠮ ᠨᠥᠬᠦᠴᠡᠯ ᠢ ᠭᠥᠷᠳᠡᠪᠡ᠃ | ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠴᠢᠨᠠᠷ ᠰᠠᠶᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠤᠯᠠᠮ ᠨᠢᠭᠡ ᠠᠯᠬᠤᠮ ᠠᠬᠢᠭᠤᠯᠵᠤ᠂ ︽ᠬᠤᠶᠠᠷ ᠲᠥᠪ︾ ᠤᠨ ᠪᠥᠲᠥᠭᠡᠨ ᠪᠠᠶᠢᠭᠤᠯᠤᠯᠲᠠ ᠶᠢᠨ ᠵᠠᠭᠪᠤᠷ᠂ | ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠦᠨ᠎ᠠ︔ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠤᠷᠪᠠᠳᠤᠭᠠᠷ | ᠳᠡᠰ ᠤᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠬᠤᠲᠠ ᠶᠢᠨ | ᠲᠤᠤᠷᠵᠢᠭᠤᠯᠤᠭᠰᠠᠨ ᠡᠮᠴᠢᠯᠡᠭᠡᠨ ᠤ ᠦᠢᠯᠡᠴᠢᠯᠡᠭᠡ ᠶᠢᠨ ᠰᠢᠨ᠎ᠡ ᠰᠢᠰᠲ᠋ᠧᠮ ᠢ ᠪᠠᠶᠢᠭᠤᠯᠵᠤ᠂ 2025 ᠣᠨ ᠳᠤ | 90% ᠠᠴᠠ ᠳᠡᠭᠡᠭᠰᠢᠬᠢ ᠰᠢᠶᠠᠨ ᠳᠤ ᠨᠢᠭᠳᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ | ᠪᠠᠶᠢᠭᠤᠯᠤᠨ᠎ᠠ︔ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ | ᠦᠨᠳᠦᠰᠦᠨ ᠱᠠᠲᠤᠨ ᠤ ᠬᠡᠦᠬᠡᠳ ᠤᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠠᠮᠠᠨ ᠬᠥᠨᠳᠡᠶ ᠶᠢᠨ ᠰᠠᠯᠠᠭ᠎ᠠ | ᠵᠡᠷᠭᠡ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ | ᠃ ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ ᠰᠢᠯᠵᠢᠬᠦᠯᠪᠡ︶ |