6 ᠰᠠᠷ᠎ᠠ ᠶᠢᠨ 23 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠮᠢᠩ ᠱᠦᠶ ᠾᠧ ᠪᠠᠯᠭᠠᠰᠤᠨ ᠤ ᠰᠢᠺᠸᠤ ᠲᠣᠰᠬᠤᠨ ᠤ ᠨᠠᠮ ᠤᠨ ᠪᠠᠶᠢᠭᠤᠯᠤᠯᠲᠠ ᠶᠢᠨ | ᠬᠠᠷᠢᠯᠴᠠᠬᠤ ᠴᠡᠭ ᠢᠶᠠᠷ ᠬᠦᠷᠴᠦ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢᠨ ᠲᠣᠬᠠᠢ ᠲᠤᠰᠬᠠᠶ | ᠰᠡᠳᠦᠪᠲᠦ ᠨᠠᠮ ᠤᠨ ᠬᠢᠴᠢᠶᠡᠯ ᠣᠷᠣᠬᠤ ᠵᠨ ᠬᠠᠮᠲᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠠᠵᠢᠯ ᠢ | ᠵᠢᠯᠣᠭᠤᠳᠴᠠᠢ᠃ | ᠡᠷᠬᠢᠮᠳᠣ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠦᠪ ᠬᠤᠷᠢᠶᠠᠨ ᠤ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠶᠢ | ᠴᠢᠬᠤᠯᠠ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠪᠠᠷᠢᠮᠵᠢᠶ᠎ᠠ ᠲᠠᠢ | ᠬᠠᠷᠭᠤᠭᠤᠯᠤᠨ ᠪᠠᠶᠢᠴᠠᠭᠠᠵᠤ ᠠᠰᠠᠭᠤᠳᠠᠯ ᠢ ᠢᠯᠠᠷᠡᠬᠦᠯᠣᠨ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ | ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡ ᠭᠡᠬᠦ ᠤᠭ | ᠰᠠᠨᠠᠭ᠎ᠠ ᠪᠠᠨ ᠡᠭᠦᠷᠢᠳᠡ ᠪᠠᠲᠤᠯᠠᠵᠤ᠂ ᠶᠡᠭᠡ ᠬᠦᠴᠦ ᠣᠷᠣᠭᠤᠯᠤᠨ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ | ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠷᠢᠭᠤᠨ ᠴᠢᠬᠡᠴᠢ ᠶᠢ ᠪᠠᠲᠤ ᠰᠠᠬᠢᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠨ᠂ ᠲᠦᠷᠢᠮ | ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠰᠢᠢᠳᠪᠦᠷᠢᠯᠡᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠶᠢ ᠰᠠᠶᠢᠳᠣᠷ ᠪᠤᠢ ᠪᠣᠯᠭᠠᠬᠤ ᠬᠡᠷᠡᠭᠲᠡᠢ ᠭᠡᠵᠣ ᠴᠢᠬᠤᠯᠠᠴᠢᠯᠠᠵᠡᠢ᠃ | ᠨᠠᠮ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠡᠷᠬᠢᠮᠲᠤ ᠪᠠᠰᠠ ᠰᠢᠺᠸᠤ ᠲᠣᠰᠬᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | |