6 ᠰᠠᠷ᠎ᠠ ᠶᠢᠨ 20 ᠤ ᠡᠳᠦᠷ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠳᠠᠷᠤᠭ᠎ᠠ ᠡᠷᠬᠢᠮᠲᠤ ᠪᠣᠯᠤᠨ ᠲᠦᠸᠧ ᠲᠦᠸᠧ ᠠᠵᠢᠯ ᠤᠨ ᠬᠤᠷᠢᠶ᠎ᠠ ᠶᠢᠨ ᠰᠣᠶᠣᠯ ᠵᠢᠭᠤᠯᠴᠢᠯᠠᠯ ᠤᠨ ᠶᠡᠷᠦᠩᠬᠡᠢ | ᠳᠠᠭᠠᠭᠠᠮᠠᠯ ᠢᠦᠢ ᠯᠸᠢ ᠨᠠᠷ ᠲᠠᠢ ᠶᠠᠷᠢᠯᠴᠠᠭᠠᠨ ᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠶᠠᠷᠢᠯᠴᠠᠬᠤ ᠬᠤᠷᠠᠯ ᠳᠤ᠂ ᠬᠤᠶᠠᠷ ᠲᠠᠯ᠎ᠠ ᠪᠠᠷ ᠢᠶᠠᠨ ︽ᠯᠢᠨ ᠳ᠋ᠦ᠋ ᠨᠡᠷᠡᠮᠵᠢᠲᠦ︾ ᠲᠤᠰᠬᠠᠶ ᠭᠠᠯᠲᠤ ᠲᠡᠷᠭᠡᠨ ᠤ | ᠲᠣᠭᠤᠷᠢᠨ ᠳᠤ ᠨᠠᠷᠢᠨ ᠨᠢᠭᠲᠠ ᠶᠠᠷᠢᠯᠴᠠᠨ ᠰᠣᠳᠣᠯᠪᠡ᠃ ᠡᠷᠬᠢᠮᠲᠦ᠂ ᠭᠠᠯᠲᠤ ᠲᠡᠷᠭᠡᠨ ᠤ ᠲᠥᠬᠦᠭᠡᠷᠦᠮᠵᠢ ᠶᠢ ᠢᠵᠢ | ᠪᠦᠷᠢᠳᠦᠭᠦᠯᠬᠦ᠂ ᠵᠢᠭᠤᠯᠴᠢᠯᠠᠯ ᠤᠨ ᠵᠠᠮ ᠱᠤᠭᠤᠮ ᠤᠨ ᠲᠥᠯᠦᠪᠵᠢᠭᠦᠯᠭᠡ᠂ ᠤᠬᠠᠭᠤᠯᠭ᠎ᠠ ᠪᠣᠷᠣᠯᠠᠭᠤᠯᠭ᠎ᠠ ᠵᠡᠷᠭᠡ | ᠠᠵᠢᠯ ᠢ ᠲᠦᠷᠭᠡᠳᠬᠡᠨ ᠲᠡᠭᠦᠯᠳᠡᠷᠵᠢᠭᠦᠯᠵᠦ᠂ ᠵᠢᠭᠤᠯᠴᠢᠯᠠᠬᠴᠢᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠦᠢᠯᠡᠴᠢᠯᠡᠭᠡᠨ ᠤ ᠨᠠᠷᠢᠨ ᠵᠦᠢᠯᠡᠰ ᠢ ᠰᠢᠯᠢᠳᠡᠭᠵᠢᠭᠦᠯᠣᠨ᠂ ᠲᠤᠰᠬᠠᠢ ᠭᠠᠯᠲᠤ ᠲᠡᠷᠭᠡᠨ ᠤ ︽ᠠᠮᠤᠷ | ᠲᠦᠪᠰᠢᠨ ᠢᠶᠠᠷ ᠡᠵᠡᠩᠨᠡᠬᠦ᠂ ᠴᠢᠨᠠᠷ ᠰᠠᠶᠢᠲᠠᠢ ᠪᠡᠶᠡᠴᠢᠯᠡᠨ ᠣᠶᠢᠯᠠᠭᠠᠬᠤ᠂ ᠲᠦᠷᠦᠯ ᠲᠡᠮᠳᠡᠭᠲᠦ ᠶᠢᠨ ᠦᠢᠯᠡᠳᠦᠯ︾ ᠢ | ᠪᠡᠶᠡᠯᠡᠭᠦᠯᠬᠦ ᠤᠯᠠᠨ ᠳᠠᠪᠬᠤᠷ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ᠡᠭᠦᠨ ᠤ ᠬᠠᠮᠲᠤ᠂ ︽ᠯᠢᠨ ᠳ᠋ᠦ᠋ | ᠨᠡᠷᠡᠮᠵᠢᠲᠦ︾ ᠪᠠᠷ ᠬᠦᠬᠦᠷᠭᠡ ᠬᠤᠯᠪᠣᠭᠠᠰᠤ ᠪᠣᠯᠭᠠᠵᠤ᠂ ᠲᠦᠸᠧ ᠲᠦᠸᠧ ᠠᠵᠢᠯ ᠤᠨ ᠬᠤᠷᠢᠶ᠎ᠠ ᠲᠠᠢ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ᠂ ᠦᠢᠯᠡᠳᠬᠦᠨ ᠢ ᠴᠣᠭᠴᠠᠯᠠᠬᠤ ᠵᠡᠷᠭᠡ ᠬᠦᠷᠢᠶᠡᠨ ᠳᠠᠬᠢ ᠪᠥᠬᠦ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠮᠢ ᠠᠬᠤᠶ ᠶᠢᠨ ᠳᠠᠪᠠᠭᠤᠯᠢᠭ ᠢ ᠬᠠᠮᠲᠤ ᠪᠠᠷ ᠬᠥᠭᠵᠢᠬᠦᠯᠣᠨ | ᠳᠠᠪᠠᠭᠤᠯᠢᠭ ᠢᠶᠠᠨ ᠪᠠᠳᠡᠷᠡᠭᠤᠯᠵᠣ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠵᠡᠶ᠃ |