6 ᠰᠠᠷ᠎ᠠ ᠶᠢᠨ 24 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠᠶᠢᠳᠠᠯ ᠤᠨ | ᠲᠣᠬᠠᠢ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠪᠥᠬᠦ ᠬᠤᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠠᠬᠢᠴᠠ ᠶᠢᠨ ᠪᠠᠶᠢᠳᠠᠯ ᠢ | ᠰᠣᠨᠣᠰᠴᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ | ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠡᠷ ᠲᠡᠭᠡᠨ ᠪᠠᠶᠢᠭ᠎ᠠ ᠭᠠᠵᠠᠷ ᠤᠨ | ᠲᠠᠰ ᠤᠨ ᠤᠳᠤᠷᠢᠳᠤᠯᠭ᠎ᠠ ᠵᠢᠴᠢ ᠬᠥᠭᠵᠢᠭᠦᠯᠦᠯᠲᠡ ᠪᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠵᠠᠶ᠃ | ᠬᠤᠷᠠᠯ ᠠᠴᠠ᠂ ᠪᠦᠬᠦ ᠬᠤᠳᠠ ᠶᠢᠨ ᠡᠯ᠎ᠡ ᠪᠠᠶᠢᠭᠤᠯᠭ᠎ᠠ ᠨᠢᠭᠡᠴᠢ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠂ ᠲᠦᠷᠦᠯ ᠵᠦᠢᠯ ᠢ ᠳᠠᠷᠠᠭᠠᠯᠠᠨ | ᠠᠵᠢᠯ ᠢᠶᠠᠨ ᠡᠬᠢᠯᠡᠭᠦᠯᠦᠭᠰᠡᠨ ᠦᠭᠡᠢ᠂ ᠠᠵᠢᠯ ᠢᠶᠠᠨ ᠰᠡᠷᠭᠦᠭᠡᠭᠰᠡᠨ ᠰᠢᠯᠲᠠᠭᠠᠨ ᠢ ᠡᠮᠬᠢᠯᠡᠵᠦ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠵᠤ᠂ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ | ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠡᠬᠢᠯᠡᠪᠡᠰᠦ ᠵᠣᠬᠢᠬᠤ ᠶᠢ ᠨᠢ ᠪᠦᠬᠦᠨ ᠢ ᠡᠬᠢᠯᠡᠭᠦᠯᠬᠦ ᠶᠢ | ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠴᠢᠩᠭ᠎ᠠ ᠬᠠᠷᠢᠴᠠᠭᠤᠯᠤᠨ | ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ | ᠤᠳᠤᠷᠢᠳᠤᠮᠵᠢ ᠪᠣᠯᠭᠠᠵᠤ᠂ ᠬᠠᠷᠠᠯᠲᠠ ᠪᠠᠨ ᠲᠣᠭᠲᠠᠭᠠᠨ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ | ᠪᠠᠶᠢᠷᠢᠯᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠠᠵᠢᠯ | ᠡᠬᠢᠯᠡᠬᠦ ᠪᠠ ᠠᠵᠢᠯ ᠢ ᠰᠡᠷᠭᠦᠭᠡᠬᠦ ᠶᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ᠂ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠣᠨ᠂ | ᠠᠵᠢᠯ ᠤᠨ ᠬᠠᠮᠲᠤᠷᠠᠯ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠪᠦᠷᠢᠯᠳᠦᠭᠦᠯᠵᠦ᠂ ᠬᠠᠷᠢᠯᠴᠠᠨ | ᠲᠦᠯᠬᠢᠯᠴᠡᠬᠦ᠂ ᠬᠠᠰᠢ ᠶᠠᠰᠢ ᠪᠠᠷ ᠠᠯᠪᠠ ᠬᠠᠰᠢᠬᠤ ᠵᠡᠷᠭᠡ ᠨᠠᠵᠠᠭᠠᠢ ᠦᠵᠡᠭᠳᠡᠯ ᠢ ᠡᠷᠡᠰ ᠬᠤᠷᠢᠭᠯᠠᠵᠤ᠂ ᠴᠠᠭ | ᠮᠥᠴᠡ ᠶᠢ ᠠᠯᠳᠠᠯ ᠦᠭᠡᠢ ᠲᠡᠮᠡᠴᠡᠬᠦ ᠣᠪᠣᠷ ᠢᠶᠠᠷ ᠲᠦᠷᠦᠯ ᠵᠦᠢᠯ ᠤᠨ ᠬᠤᠶᠢᠰᠢᠳᠠ ᠶᠢᠨ ᠪᠦᠳᠦᠭᠡᠨ | ᠪᠠᠶᠢᠭᠤᠯᠤᠯᠲᠠ ᠳᠤ ᠪᠠᠲᠤ ᠪᠠᠬᠢ ᠰᠠᠭᠤᠷᠢ ᠲᠠᠯᠪᠢᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ | ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠪᠡ᠃ |