ᠰᠢᠨᠬᠤᠸᠠ ᠬᠤᠷᠢᠶ᠎ᠠ ᠶᠢᠨ ᠭᠦᠭᠡᠬᠤᠳᠠ ᠶᠢᠨ 6 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠤᠷᠢᠶᠠᠨ ᠳᠠᠷᠤᠭ᠎ᠠ ᠵᠣᠣ ᠯᠧ ᠵᠶᠢ 6 ᠰᠠᠷ᠎ᠠ ᠶᠢᠨ 16 ᠠᠴᠠ 19 ᠤ ᠡᠳᠦᠷ ᠪᠤᠯᠲᠠᠯ᠎ᠠ ᠥᠪᠥᠷ ᠮᠣᠩᠭᠤᠯ ᠳᠤ | ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶ᠋ᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ | ᠪᠣᠯᠣᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠵᠠᠢ᠃ | | | | | | 6 ᠰᠠᠷ᠎ᠠ ᠶᠢᠨ 16 ᠠᠴᠠ 19 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠣᠣ ᠯᠧ ᠵᠶᠢ ᠥᠪᠥᠷ | ᠮᠣᠩᠭᠤᠯ ᠳᠤ ᠪᠠᠶᠢᠴᠠᠭᠠᠨ ᠰᠤᠳᠤᠯᠪᠠ᠃ ᠵᠢᠷᠤᠭ ᠪᠣᠯ 6 ᠰᠠᠷ᠎ᠠ ᠶᠢᠨ 18 ᠤ ᠦᠳᠡ ᠶᠢᠨ ᠬᠤᠶᠢᠨ᠎ᠠ᠂ ᠵᠤᠤ ᠯᠧ | ᠵᠶᠢ ᠭᠦᠭᠡᠬᠤᠳᠠ ᠶᠢᠨ ᠠᠵᠢᠯᠴᠢᠨ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠷᠤᠭᠡ ᠳᠤ ᠪᠠᠶᠢᠴᠠᠭᠠᠨ ᠰᠤᠳᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠩ ᠯᠢᠩ ᠰᠡᠭᠦᠳᠡᠷᠯᠡᠪᠡ | ᠵᠤᠤ ᠯᠧ ᠵᠶᠢ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ᠂ ᠤᠯᠠᠭᠠᠨᠬᠠᠳᠠ᠂ ᠭᠦᠭᠡᠬᠤᠲᠠ ᠳᠤ | ᠬᠦᠷᠴᠦ᠂ ᠨᠡᠶᠢᠭᠡᠮ ᠲᠣᠭᠤᠷᠢᠭ᠂ ᠠᠵᠤ ᠠᠬᠤᠶᠢᠯᠠᠯ ᠢᠶᠠᠷ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠵᠢᠯᠲᠠᠨ ᠠᠵᠢᠯᠴᠢᠨ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ︔ | ᠷᠠᠰᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠪᠠᠶᠢᠴᠠᠭᠠᠨ ᠰᠤᠳᠤᠯᠵᠤ᠂ ᠪᠠᠶᠢᠭᠤᠯᠭ᠎ᠠ ᠶᠢᠨ | ᠺᠠᠳ᠋ᠷᠴᠤᠳ ᠢ ᠡᠷᠭᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠵᠤᠤ ᠯᠧ ᠵᠶᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠢᠯᠠᠩᠭᠤᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ | ᠲᠥᠯᠥᠭᠡᠯᠡᠭᠴᠢ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠰᠠᠭᠤᠷᠢ ᠶᠢ ᠪᠠᠬᠢᠵᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ ᠰᠠᠨᠠᠭ᠎ᠠ ᠶᠢ | ᠲᠤᠰᠬᠠᠵᠤ᠂ ᠠᠷᠠᠳ ᠤᠨ ᠠᠮᠢᠳᠤᠷᠠᠯ ᠲᠠᠢ ᠣᠶᠢᠷᠠᠳᠴᠤ᠂ ᠠᠷᠠᠳ ᠤᠯᠠᠨ ᠲᠠᠢ ᠨᠢᠭᠲᠠ ᠬᠠᠷᠢᠯᠴᠠᠵᠤ᠂ ᠪᠠᠶᠢᠴᠠᠭᠠᠨ | ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ | ᠠᠷᠠᠳ ᠠᠴᠠ ᠠᠰᠠᠭᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠷᠠᠳ ᠤᠨ | ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠤᠢ ᠪᠤᠯᠭᠠᠵᠤ᠂ | ᠬᠠᠤᠯᠢ ᠶᠣᠰᠣᠭᠠᠷ ᠵᠢᠷᠤᠮ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠴᠢᠩᠳᠠᠯᠠᠵᠤ᠂ ᠡᠯ᠎ᠡ ᠵᠦᠢᠯ ᠤᠨ | ᠠᠵᠢᠯ ᠢᠶᠠᠨ ᠭᠦᠨᠵᠡᠭᠡᠢ ᠬᠢᠵᠦ᠂ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ | ᠲᠥᠯᠥᠭᠡᠯᠡᠭᠴᠢᠳ ᠤᠨ ᠬᠠᠤᠯᠢ ᠶᠢ ᠬᠢᠨᠠᠮᠠᠭᠠᠢ ᠬᠡᠷᠡᠭᠵᠢᠭᠦᠯᠵᠦ᠂ ᠲᠥᠯᠥᠭᠡᠯᠡᠭᠴᠢᠳ ᠤᠨ ᠠᠵᠢᠯ ᠤᠨ ᠳᠦᠷᠢᠮᠵᠢᠯᠲᠡ᠂ | ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠥᠯᠥᠭᠡᠯᠡᠭᠴᠢᠳ ᠨᠢ ᠨᠠᠮ ᠪᠠ ᠤᠯᠤᠰ ᠤᠨ ᠠᠷᠠᠳ | ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠤᠯᠬᠤ ᠶᠢ ᠳᠡᠮᠵᠢᠨ ᠪᠠᠲᠤᠯᠠᠬᠤ ᠬᠡᠷᠡᠭᠲᠡᠢ᠃ ᠲᠥᠪ ᠤᠨ ᠨᠠᠶᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠬᠢᠨᠠᠮᠠᠭᠠᠢ | ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠲᠠᠯ ᠤᠨ ᠪᠠᠶ᠋ᠢᠭᠤᠯᠤᠯᠲᠠ ᠶᠢ | ᠦᠷᠭᠦᠯᠵᠢᠯᠡᠨ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠣᠷᠣᠨ ᠨᠤᠲᠤᠭ ᠤᠨ | ᠨᠠᠮ ᠤᠨ ᠬᠤᠷᠢᠶ᠎ᠠ ᠶᠢᠨ ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠭᠤᠣᠯᠳᠠᠯᠭ᠎ᠠ ᠲᠠᠢ | ᠡᠭᠦᠷᠭᠡ ᠶᠢ ᠨᠠᠶ᠋ᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠪᠦᠲᠦᠭᠡᠯᠴᠢ ᠪᠠᠷ | ᠥᠷᠨᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ | ᠪᠣᠳᠠᠲᠤ ᠪᠦᠲᠦᠮᠵᠢ ᠪᠠᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠵᠣᠣ ᠯᠧ ᠵᠶᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠠᠩ ᠢ ᠳᠠᠭᠠᠭᠤᠯᠤᠨ ᠣᠶ ᠰᠢᠭᠤᠢ ᠶᠢᠨ | ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠣᠶ ᠰᠢᠭᠤᠢ ᠶᠢᠨ ᠠᠵᠤ ᠦᠢᠯᠡᠳᠪᠦᠷᠢ ᠶᠢᠨ | ᠺᠤᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠥᠪ᠂ ᠣᠶ ᠰᠢᠭᠤᠢ ᠶᠢᠨ ᠲᠠᠯᠠᠪᠠᠶ ᠪᠣᠯᠣᠨ ᠣᠶ | ᠰᠢᠭᠤᠢ ᠶᠢᠨ ᠠᠵᠢᠯᠲᠠᠨ ᠠᠵᠢᠯᠴᠢᠨ ᠤ ᠭᠡᠷ ᠲᠤ ᠭᠦᠨᠵᠡᠭᠡᠶᠢᠷᠡᠵᠦ᠂ ᠬᠠᠤᠯᠢ ᠴᠠᠭᠠᠵᠠ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠪᠠ︔ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠤᠢ ᠰᠢᠭᠤᠢ ᠶᠢᠨ ᠲᠤᠰᠬᠠᠢ ᠮᠡᠷᠭᠡᠵᠢᠯᠲᠡᠨ᠂ | ᠨᠢᠭᠡᠳᠦᠭᠡᠷ ᠹᠷᠣᠨᠲ ᠤᠨ ᠠᠵᠢᠯᠲᠠᠨ ᠤ ᠤᠢ ᠰᠢᠭᠤᠢ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠲᠤᠬᠠᠢ | ᠰᠠᠨᠠᠯ ᠰᠠᠨᠠᠭᠤᠯᠭ᠎ᠠ ᠶᠢ ᠰᠣᠨᠣᠰᠪᠠ᠃ | ᠵᠣᠣ ᠯᠧ ᠵᠶᠢ᠂ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ | ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠮᠥᠨ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠴᠦᠯᠯᠡᠷᠭᠡᠭᠵᠢᠯ ᠢ ᠵᠠᠰᠠᠬᠤ | ᠭᠤᠣᠯ ᠲᠡᠶᠢᠨ ᠤ ᠲᠠᠯᠠᠪᠤᠷ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠶ ᠰᠢᠭᠤᠢ ᠶᠢᠨ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶ᠋ᠢᠲᠤᠷ | ᠬᠢᠵᠦ᠂ ᠪᠠᠶᠢᠭᠠᠯᠢᠯᠢᠭ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠣᠶ ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ | ᠬᠡᠷᠡᠮ ᠢ ᠴᠣᠭᠴᠠᠯᠠᠬᠤ ᠬᠡᠷᠡᠭᠲᠡᠢ᠃ ᠬᠠᠤᠯᠢ ᠶᠣᠰᠣᠭᠠᠷ ᠣᠶᠢᠵᠢᠭᠤᠯᠬᠤ᠂ ᠣᠶ ᠰᠢᠭᠤᠢ ᠶᠢ ᠬᠠᠮᠠᠭᠠᠯᠠᠬᠤ᠂ ᠣᠶ | ᠰᠢᠭᠤᠢ ᠶᠢ ᠬᠥᠭᠵᠢᠭᠦᠯᠬᠦ ᠦᠵᠡᠯᠲᠡ ᠶᠢ ᠪᠠᠲᠤ ᠪᠤᠶ ᠪᠤᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠭᠢᠯᠪᠠᠷ ᠪᠤᠰᠤ ᠪᠠᠷ ᠣᠯᠣᠭᠰᠠᠨ ᠨᠣᠮᠢᠨ ᠨᠣᠭᠤᠭᠠᠨ ᠦᠷ᠎ᠡ ᠪᠦᠲᠦᠭᠡᠯ ᠢ ᠰᠠᠶᠢᠲᠤᠷ | ᠰᠠᠬᠢᠨ ᠬᠠᠮᠠᠭᠠᠯᠠᠬᠤ ᠬᠡᠷᠡᠭᠲᠡᠢ᠃ ᠣᠶ ᠰᠢᠭᠤᠢ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ | ᠬᠠᠤᠯᠢ ᠶᠣᠰᠣᠭᠠᠷ ᠴᠢᠩᠭᠠᠳᠬᠠᠵᠤ᠂ ᠣᠶ ᠰᠢᠭᠤᠢ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠷᠢᠭᠵᠢᠭᠤᠯᠤᠨ | ᠳᠡᠮᠵᠢᠵᠦ᠂ ᠣᠶ ᠰᠢᠭᠤᠢ ᠶᠢᠨ ᠲᠦᠢᠮᠡᠷ ᠢ ᠰᠡᠷᠭᠡᠶ᠋ᠢᠯᠡᠬᠦ᠂ ᠬᠥᠨᠥᠭᠡᠯᠲᠡᠢ ᠠᠮᠢᠳᠤ ᠪᠣᠳᠠᠰ ᠢ ᠰᠡᠷᠭᠡᠶ᠋ᠢᠯᠡᠨ ᠵᠠᠰᠠᠬᠤ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠣᠶ ᠰᠢᠭᠤᠢ ᠶᠢᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠬᠦ ᠬᠡᠷᠡᠭᠲᠡᠢ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠬᠠᠶ᠋ᠢᠷᠬᠠᠨ | ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ᠣᠶ ᠰᠢᠭᠤᠢ ᠶᠢᠨ ᠠᠮᠢ ᠠᠬᠤᠢ ᠶᠢᠨ | ᠠᠮᠤᠷ ᠲᠦᠪᠰᠢᠨ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠣᠶ ᠰᠢᠭᠤᠢ ᠶᠢᠨ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠶ | ᠰᠢᠭᠤᠢ ᠶᠢᠨ ᠪᠠᠶᠢᠳᠠᠯ ᠳᠤᠨᠢ ᠲᠣᠬᠢᠷᠠᠭᠤᠯᠤᠨ ᠣᠶ ᠶᠢᠨ ᠳᠣᠲᠣᠷᠠᠬᠢ ᠠᠵᠤ ᠠᠬᠤᠢ ᠶᠢ ᠬᠥᠭᠵᠢᠭᠦᠯᠵᠦ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠰᠢᠭᠤᠶ᠋ᠢᠲᠤ ᠣᠷᠣᠨ ᠤ ᠠᠷᠠᠳ ᠣᠯᠠᠨ ᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |