ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ 6 ᠰᠠᠯᠠᠭ᠎ᠠ ᠮᠥᠴᠢᠷ ᠬᠤᠯᠪᠣᠭᠠᠯᠠᠨ ︽ | ᠮᠥᠩᠭᠦᠨ ᠭᠦᠢᠯᠭᠡᠭᠡᠨ ᠤ ᠳᠡᠮᠵᠢᠯᠭᠡ ᠪᠠᠷ ᠬᠡᠷᠡᠭᠯᠡᠭᠡ ᠶᠢ ᠬᠥᠭᠵᠢᠭᠡᠬᠦ ᠪᠠ ᠥᠷᠭᠡᠳᠬᠡᠬᠦ ᠲᠤᠬᠠᠢ ᠵᠢᠯᠤᠭᠤᠳᠬᠤ ᠰᠠᠨᠠᠯ︾ | ᠢ ᠳᠠᠷᠤᠮᠠᠯᠯᠠᠨ ᠶᠠᠪᠤᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠳᠡᠮᠵᠢᠨ᠂ ᠬᠡᠷᠡᠭᠯᠡᠭᠡ ᠶᠢᠨ ᠬᠦᠷᠢᠶᠡᠨ ᠳᠠᠬᠢ ᠮᠥᠩᠭᠦᠨ | ᠭᠦᠢᠯᠭᠡᠭᠡᠨ ᠤ ᠬᠠᠩᠭᠠᠯᠭ᠎ᠠ ᠶᠢ ᠥᠷᠭᠡᠳᠬᠡᠬᠦ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ | ᠠᠭᠤᠳᠠᠯᠤᠨ ᠪᠠᠳᠠᠷᠠᠭᠤᠯᠬᠤ᠂ ᠬᠡᠷᠡᠭᠯᠡᠭᠡ ᠶᠢᠨ ᠬᠠᠩᠭᠠᠯᠭ᠎ᠠ ᠶᠢᠨ ᠦᠢᠯᠡᠳᠦᠯ ᠴᠢᠳᠠᠪᠤᠷᠢ ᠶᠢ ᠠᠬᠢᠭᠤᠯᠤᠨ᠂ | ᠬᠡᠷᠡᠭᠯᠡᠭᠡ ᠶᠢᠨ ᠣᠷᠴᠢᠨ ᠨᠥᠬᠦᠴᠡᠯ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠᠲᠤᠯᠠᠭ᠎ᠠ ᠶᠢ | ᠰᠢᠯᠢᠳᠡᠭᠵᠢᠭᠦᠯᠬᠦ ᠵᠡᠷᠭᠡ ᠵᠢᠷᠭᠤᠭᠠᠨ ᠲᠠᠯ᠎ᠠ ᠪᠠᠷ ᠠᠷᠭ᠎ᠠ ᠬᠡᠮᠵᠢᠶ᠎ᠡ ᠳᠤᠷᠠᠳᠪᠠ᠃ | ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠵᠦ᠂ ᠪᠠᠲᠤᠯᠠᠭ᠎ᠠ ᠶᠢᠨ ᠲᠣᠭᠲᠠᠯᠴᠠᠭ᠎ᠠ ᠶᠢ | ᠰᠢᠯᠢᠳᠡᠭᠵᠢᠭᠦᠯᠦᠨ᠎ᠡ︕ | ● ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠭᠠᠵᠠᠷ ᠣᠷᠣᠨ ᠤ ᠪᠠᠶ᠋ᠢᠳᠠᠯ ᠳᠤ ᠪᠠᠨ ᠲᠣᠬᠢᠷᠠᠭᠤᠯᠤᠨ ᠦᠢᠯᠡᠰ ᠪᠣᠰᠬᠠᠬᠤ ᠳᠠᠭᠠᠭᠠᠯᠲᠠ ᠲᠠᠢ | ᠵᠢᠭᠡᠯᠡᠯᠭᠡ ᠭᠤᠶᠤᠴᠢᠯᠠᠬᠤ ᠨᠥᠬᠦᠴᠡᠯ ᠢ ᠵᠣᠬᠢᠰᠲᠠᠢ ᠠᠭᠤᠵᠢᠭᠤ ᠲᠠᠯᠪᠢᠬᠤ ᠶᠢ ᠵᠣᠷᠢᠭᠵᠢᠭᠤᠯᠵᠤ᠂ ᠬᠢᠨᠠᠨ | ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠨᠥᠬᠦᠴᠡᠯ ᠳᠤ ᠨᠡᠶᠢᠴᠡᠬᠦ ᠬᠤᠪᠢ ᠬᠥᠮᠥᠨ ᠪᠠ ᠠᠵᠤ ᠠᠬᠤᠶᠢᠯᠠᠯ ᠤᠨ | ᠦᠢᠯᠡᠰ ᠪᠣᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ● ᠬᠥᠳᠡᠯᠮᠦᠷᠢ᠂ ᠬᠥᠷᠥᠩᠭᠡ᠂ ᠮᠡᠳᠡᠯᠭᠡ᠂ ᠮᠡᠷᠭᠡᠵᠢᠯ ᠵᠡᠷᠭᠡ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠪᠠ ᠪᠡᠯᠡ ᠮᠥᠩᠭᠦ ᠴᠤᠭᠯᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠤᠨ ᠭᠡᠷ ᠪᠦᠯᠢ ᠶᠢᠨ ᠡᠵᠡᠮᠳᠡᠬᠦᠶᠢᠴᠡ | ᠣᠷᠣᠯᠭ᠎ᠠ ᠶᠢ ᠨᠡᠮᠡᠭᠳᠡᠭᠦᠯᠦᠨ᠎ᠡ᠃ | ● ᠭᠡᠷ ᠪᠦᠯᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠴᠡᠭᠡ ᠳᠤ ᠵᠣᠬᠢᠴᠠᠬᠤ ᠮᠥᠩᠭᠦᠨ | ᠭᠦᠢᠯᠭᠡᠭᠡᠨ ᠤ ᠨᠡᠷᠡᠳᠬᠦᠨ ᠤ ᠰᠢᠨ᠎ᠡ ᠶᠢ ᠡᠭᠦᠳᠴᠦ᠂ ᠰᠠᠭᠤᠭᠠᠯᠢ ᠠᠷᠠᠳ ᠤᠨ ᠪᠡᠯᠡ ᠣᠷᠣᠭᠤᠯᠵᠤ ᠡᠳ᠋ ᠤᠨ | ᠶᠠᠪᠤᠳᠠᠯ ᠢᠶᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠰᠠᠭᠤᠭᠠᠯᠢ ᠠᠷᠠᠳ ᠤᠨ ᠡᠳ᠋ | ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠦᠨ᠎ᠡ᠃ | ● ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠣᠷᠣᠯᠴᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠳᠤ ᠨᠡᠶᠢᠴᠡᠭᠰᠡᠨ᠂ ᠤᠷᠳᠤ ᠬᠤᠭᠤᠴᠠᠭᠠᠨ ᠤ ᠣᠨᠴᠠᠯᠢᠭ ᠲᠠᠢ ᠪᠥᠭᠡᠳ | ᠵᠣᠬᠢᠬᠤ ᠠᠰᠢᠭ ᠣᠯᠵᠠᠪᠤᠷᠢ ᠶᠢᠨ ᠨᠤᠷᠮ᠎ᠠ ᠲᠠᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ | ᠲᠤᠰᠬᠠᠢ ᠨᠡᠷᠡᠳᠬᠦᠨ ᠢ ᠰᠤᠳᠤᠯᠤᠨ ᠨᠡᠭᠡᠭᠡᠯᠭᠡᠵᠦ᠂ ᠨᠠᠰᠤᠵᠢᠯ ᠤᠨ ᠠᠰᠠᠷᠠᠮᠵᠢ ᠶᠢᠨ ᠡᠳ᠋ ᠬᠥᠷᠥᠩᠭᠡ ᠶᠢᠨ | ᠨᠥᠭᠡᠴᠡ ᠶᠢ ᠨᠡᠮᠡᠭᠳᠡᠭᠦᠯᠬᠦ ᠪᠠ ᠨᠡᠮᠡᠭᠳᠡᠯ ᠥᠷᠲᠡᠭ ᠢ ᠲᠣᠭᠲᠠᠪᠤᠷᠢᠵᠢᠭᠤᠯᠤᠨ᠎ᠠ᠃ | ● ᠬᠤᠳᠠᠯᠳᠤᠭᠠᠨ ᠤ ᠳᠠᠭᠠᠳᠬᠠᠯ ᠤᠨ ᠣᠨ ᠤ ᠮᠥᠩᠭᠦ ᠶᠢᠨ ᠨᠡᠷᠡᠳᠬᠦᠨ ᠤ ᠰᠢᠨ᠎ᠡ ᠶᠢ ᠡᠭᠦᠳᠬᠦ ᠶᠢ | ᠲᠦᠷᠭᠡᠳᠬᠡᠨ ᠠᠬᠢᠭᠤᠯᠤᠨ᠎ᠠ᠃ | ● ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ● ᠣᠷᠳᠣ ᠬᠤᠭᠤᠴᠠᠭᠠᠨ ᠤ ᠰᠤᠪᠢᠯᠠᠯᠲᠠ ᠶᠢᠨ ᠬᠤᠳᠠᠯᠳᠤᠭᠠᠨ ᠤ ᠳᠠᠭᠠᠳᠬᠠᠯ ᠢ ᠬᠥᠭᠵᠢᠭᠦᠯᠦᠨ᠎ᠡ᠃ | ● ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠤᠨ ᠰᠢᠨ᠎ᠡ ᠶᠢ ᠡᠭᠦᠳᠦᠭᠰᠡᠨ ᠡᠮ ᠤᠨ | ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠶᠢ ᠠᠬᠢᠭᠤᠯᠵᠤ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ᠂ | ᠥᠪᠡᠷᠮᠢᠴᠡ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠨ᠎ᠠ᠃ | ● ᠨᠠᠰᠤᠲᠠᠶᠢᠴᠤᠳ ᠤᠨ ᠵᠢᠭᠤᠯᠴᠢᠯᠠᠯ ᠤᠨ ᠳᠠᠭᠠᠳᠬᠠᠯ ᠢ ᠳᠡᠮᠵᠢᠨ ᠬᠥᠭᠵᠢᠭᠦᠯᠵᠦ᠂ ᠵᠢᠭᠤᠯᠴᠢᠯᠠᠯ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠵᠣᠷᠢᠭᠵᠢᠭᠤᠯᠤᠨ᠎ᠠ᠃ | |