ᠲᠦᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ 9.5 ᠳ᠋ᠥᠩᠰᠢᠭᠤᠷ ᠲᠦᠬᠦᠷᠢᠭ ᠤᠨ ᠮᠠᠯ ᠠᠵᠤ ᠠᠬᠤᠢ ᠶᠢᠨ ᠬᠦᠭᠵᠢᠯᠳᠠ ᠶᠢᠨ ᠪᠡᠯᠡ ᠮᠦᠩᠬᠦ ᠪᠠᠭᠤᠯᠭᠠᠪᠠ
ᠨᠡᠶᠢᠲᠡᠯᠡᠭᠰᠡᠨ ᠴᠠᠭ᠄
2025/6/26
      ᠡ᠊ᠨᠡ ᠵᠢᠯ ᠲᠥᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ 9.5 ᠳ᠋ᠦᠩᠰᠢᠭᠤᠷ ᠲᠥᠭᠦᠷᠢᠭ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠪᠡᠯᠡ ᠮᠥᠩᠭᠦ ᠪᠠᠭᠤᠯᠭᠠᠵᠤ᠂ ᠪᠠᠭᠤᠯᠭᠠᠭᠰᠠᠨ ᠪᠡᠯᠡ ᠮᠥᠩᠭᠦ ᠶᠢᠨ ᠬᠡᠮᠵᠢᠶ᠎ᠡ ᠨᠢ ᠪᠦᠬᠦ ᠤᠯᠤᠰ ᠲᠤ ᠲᠦᠷᠦᠬᠦᠯᠡᠪᠡ᠃      ᠪᠠᠯᠠ ᠮᠥᠩᠭᠦ ᠶᠢ ᠭᠤᠤᠯᠳᠠᠭᠤ ᠮᠠᠨ ᠤ ᠤᠷᠤᠨ ᠤ ︽ᠮᠢᠬᠠᠨ ᠤ ᠬᠥᠮᠥᠷᠭᠡ︾᠂ ︽ᠰᠦ ᠶᠢᠨ ᠬᠦᠨᠦᠭ︾ ᠢ ᠰᠠᠶᠢᠲᠤᠷ ᠪᠠᠶᠢᠭᠤᠯᠬᠤ ᠶᠢ ᠳᠡᠮᠵᠢᠬᠦ ᠳᠤ ᠬᠡᠷᠡᠭᠯᠡᠬᠦ ᠪᠤᠯᠤᠨ᠎ᠡ᠃      ᠪᠣᠳᠠᠲᠠᠶ ᠳᠡᠮᠵᠢᠬᠦ ᠴᠢᠭᠯᠡᠯ ᠳᠤ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠭᠰᠢᠯᠡᠬᠦᠯᠬᠦ ᠶᠢ ᠪᠥᠬᠦ ᠰᠢᠶᠠᠨ ᠢᠶᠠᠷ ᠢᠶᠠᠨ ᠠᠬᠢᠭᠤᠯᠵᠤ᠂ ᠰᠦ ᠶᠢᠨ ᠦᠢᠯᠡᠰ ᠢ ᠲᠡᠰ ᠲᠡᠪᠰᠢᠬᠦᠯᠬᠦ ᠶᠢ ᠲᠡᠮᠵᠢᠨ᠎ᠡ︔ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠳᠠᠷᠢᠬᠤ ᠶᠢ ᠲᠡᠮᠵᠢᠨ᠎ᠡ︔ ᠲᠡᠵᠢᠭᠡᠯ ᠡᠪᠡᠰᠦ ᠬᠤᠷᠢᠶᠠᠵᠤ ᠬᠠᠳᠠᠭᠠᠯᠠᠬᠤ ᠴᠢᠳᠠᠪᠤᠷᠢ᠂ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠶᠢ ᠳᠠᠮᠵᠢᠨ᠎ᠠ︔ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠡᠷᠴᠢᠮ ᠢ ᠴᠢᠩᠭᠠᠷᠠᠭᠤᠯᠬᠤ᠂ ᠦᠷ᠎ᠡ ᠬᠠᠩᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠶᠢ ᠲᠡᠮᠵᠢᠨ᠎ᠠ᠃      ᠣᠶᠢᠷ᠎ᠠ ᠶᠢᠨ ᠵᠢᠯ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠲᠡᠮᠵᠢᠯᠬᠡ ᠶᠢᠨ ᠠᠷᠭ᠎ᠠ ᠮᠠᠶ᠋ᠢᠭ ᠢᠶᠠᠨ ᠲᠠᠰᠤᠷᠠᠯᠲᠠ ᠥᠬᠡᠶ ᠰᠢᠨᠡᠴᠢᠯᠡᠵᠤ᠂ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢᠨ ᠪᠠᠶᠢᠷᠢᠰᠢᠯ ᠢ ᠪᠠᠶᠢᠭᠤᠯᠤᠨ᠂ ᠡᠳ᠋ ᠤᠨ ᠵᠠᠰᠠᠭ ᠠᠴᠠ ᠰᠢᠭᠤᠳ ᠨᠦᠬᠦᠪᠤᠷᠢᠯᠡᠬᠦ᠂ ᠵᠢᠭᠡᠯᠡᠯᠭᠡ ᠶᠢᠨ ᠬᠦᠦ ᠮᠦᠡᠭᠬᠦ ᠶᠢ ᠨᠢ ᠤᠷᠤᠯᠠᠨ ᠦᠭᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠮᠥᠩᠭᠦ ᠪᠠᠷ ᠬᠤᠪᠢ ᠣᠷᠣᠭᠤᠯᠬᠤ᠂ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠳᠤ ᠪᠠᠳᠤᠯᠠᠨ ᠳᠠᠭᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠠᠩ ᠣᠯᠠᠨ ᠬᠥᠷᠥᠩᠭᠡ ᠶᠢ ᠬᠥᠲᠥᠯᠦᠨ ᠲᠠᠭᠠᠭᠤᠯᠵᠤ ᠮᠠᠯ ᠠᠵᠤ ᠠᠬᠤᠶ ᠶᠢᠨ ᠤᠶᠢᠯᠡᠰ ᠲᠤ ᠣᠷᠣᠭᠤᠯᠬᠤ ᠶᠢ ᠠᠬᠢᠭᠤᠯᠪᠠ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠪᠠᠲᠤᠯᠠᠭ᠎ᠠ ᠪᠠ ᠳᠠᠭᠠᠭᠤᠯᠭ᠎ᠠ ᠪᠠᠷ 2024 ᠣᠨ ᠳᠤ ᠮᠠᠨ ᠤ ᠤᠷᠤᠨ ᠤ ᠭᠠᠭ᠋ᠠᠶ᠂ ᠦᠬᠡᠷ᠂ ᠬᠤᠨᠢ᠂ ᠵᠢᠭᠦᠷᠲᠡᠨ ᠤ ᠮᠢᠬᠠᠨ ᠤ ᠭᠠᠷᠤᠯᠲᠠ 300 ᠲᠦᠮᠡᠨ ᠲᠣᠨ ᠢ ᠳᠠᠪᠠᠵᠤ᠂ 2023 ᠣᠨ ᠤ ᠬᠢ ᠠᠴᠠ 5.4% ᠪᠠᠷ ᠨᠡᠮᠡᠭᠳᠡᠪᠡ︔ ᠦᠨᠢᠶᠡᠨ ᠰᠦ ᠶᠢᠨ ᠭᠠᠷᠤᠯᠲᠠ 776 ᠲᠦᠮᠡᠨ ᠲᠣᠨ ᠢ ᠳᠠᠪᠠᠵᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 2500 ᠳ᠋ᠦᠩᠰᠢᠭᠤᠷ ᠲᠥᠭᠦᠷᠢᠭ ᠠᠴᠠ ᠳᠡᠭᠡᠭᠰᠢ ᠲᠣᠭᠲᠠᠪᠤᠷᠢᠵᠢᠪᠠ᠃ ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ ᠮᠠᠨ ᠤ ᠤᠷᠤᠨ ᠵᠢᠯ ᠪᠦᠷᠢ ᠬᠠᠭᠠᠰ ᠠᠴᠠ ᠳᠡᠭᠡᠭᠰᠢᠬᠢ ᠮᠢᠬ᠎ᠠ᠂ ᠰᠦ ᠶᠢᠨ ᠭᠠᠷᠤᠯᠳᠠ ᠪᠠᠨ ᠪᠥᠬᠦ ᠤᠯᠤᠰ ᠲᠤ ᠬᠠᠩᠭᠠᠵᠤ᠂ ᠪᠥᠬᠦ ᠣᠷᠣᠨ ᠤ ᠦᠬᠡᠷ᠂ ᠬᠤᠨᠢᠨ ᠮᠢᠬ᠎ᠠ ᠪᠠ ᠦᠨᠢᠶᠡᠨ ᠰᠦ ᠶᠢᠨ ᠭᠠᠷᠤᠯᠲᠠ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠤᠷᠤᠪᠠ᠃ ︵︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号