ᠸᠧᠨᠴᠢᠣᠸᠠᠨ ᠵᠡᠭᠡᠯᠢ ᠬᠤᠤᠷ ᠴᠠᠭᠠᠵᠠᠯᠠᠬᠤ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2025/6/27
   ᠬᠠᠷᠢᠶ᠎ᠠ ᠣᠷᠣᠨ ᠤ ᠬᠤᠤᠷ ᠴᠠᠭᠠᠵᠠᠯᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠲᠠᠯᠠᠪᠤᠷ ᠲᠠᠬᠢ ᠠᠵᠢᠯᠳᠡᠨ ᠤ ᠬᠤᠤᠷᠲᠤ ᠡᠳ᠋ ᠢ ᠲᠠᠨᠢᠨ ᠮᠡᠳᠡᠬᠦ ᠵᠢᠴᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠠᠷᠢᠶ᠎ᠠ ᠣᠷᠣᠨ ᠳᠤ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠬᠤᠷᠢᠭᠯᠠᠨ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ᠂  6 ᠰᠠᠷ᠎ᠠ ᠶᠢᠨ 26 ᠤ ᠡᠳᠦᠷ᠂ ᠷᠠᠰᠢᠶᠠᠨ ᠬᠤᠳᠡ ᠶᠢᠨ ᠱᠧᠨᠴᠢᠣᠸᠠᠨ ᠨᠡᠶᠢᠭᠡᠮ ᠲᠣᠭᠤᠷᠢᠭ ᠷᠠᠰᠢᠶᠠᠨ ᠬᠤᠳᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠨᠡᠶᠢᠭᠡᠮ ᠲᠣᠭᠤᠷᠢᠭ ᠤᠨ ᠲᠣᠣᠷᠵᠢᠭᠤᠯᠣᠬᠴᠢ᠂ ᠰᠠᠶᠢᠨ ᠳᠤᠷᠠᠴᠤᠣᠯ᠂ ᠠᠷᠠᠳ ᠤᠨ ᠴᠠᠭᠳᠠᠭ᠎ᠠ ᠨᠠᠷ ᠬᠤᠤᠷ ᠴᠠᠭᠠᠵᠠᠯᠠᠬᠤ ᠤᠬᠠᠭᠤᠯᠭ᠎ᠠ ᠶᠢᠨ ᠭᠠᠷ ᠳᠡᠪᠲᠡᠷ ᠪᠠ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠠᠷᠭ᠎ᠠ ᠪᠠᠷ ᠰᠠᠭᠤᠭᠠᠯᠢ ᠠᠷᠠᠳ ᠲᠤ ᠬᠤᠤᠷ ᠴᠠᠭᠠᠵᠠᠯᠠᠬᠤ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠬᠤᠤᠷ ᠴᠠᠭᠠᠵᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠬᠤ ᠬᠡᠷᠡᠭᠲᠡᠶ ᠭᠡᠵᠦ ᠰᠠᠨᠠᠭᠤᠯᠪᠠ᠃ ᠤᠬᠠᠭᠤᠯᠭ᠎ᠠ ᠶᠢᠨ ᠶᠠᠪᠤᠴᠠ ᠳᠤ᠂ ᠰᠠᠭᠤᠭᠠᠯᠢ ᠠᠷᠠᠳ ᠲᠤ ᠬᠤᠤᠷᠲᠤ ᠡᠳ᠋ ᠤᠨ ᠬᠤᠤᠷ ᠬᠥᠨᠥᠭᠡᠯᠲᠦ ᠴᠢᠨᠠᠷ ᠢ ᠨᠠᠷᠢᠨ ᠲᠠᠨᠢᠯᠴᠠᠭᠤᠯᠵᠤ᠂ ᠰᠠᠭᠤᠭᠠᠯᠢ ᠠᠷᠠᠳ ᠢ ᠬᠠᠪᠰᠤᠷᠤᠨ ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠦᠵᠡᠯᠲᠡ ᠶᠢ ᠪᠣᠢ ᠪᠣᠯᠭᠠᠬᠤ ᠶᠢᠨ ᠬᠠᠮᠲᠤ ᠥᠷᠭᠡᠨ ᠣᠯᠠᠨ ᠰᠠᠭᠤᠭᠠᠯᠢ ᠠᠷᠠᠳ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠠᠮᠢ ᠨᠠᠰᠤ ᠪᠠᠨ ᠨᠠᠨᠳᠢᠩᠨᠠᠨ᠂ ᠬᠤᠤᠷᠲᠤ ᠡᠳ᠋ ᠢ ᠤᠬᠠᠮᠰᠠᠷ ᠠᠴᠠ ᠪᠠᠨ ᠬᠤᠷᠢᠭᠯᠠᠨ᠂ ᠡᠷᠡᠭᠦᠯ ᠪᠥᠭᠡᠳ ᠢᠳᠡᠪᠬᠢᠲᠡᠶ ᠠᠮᠢᠳᠤᠷᠠᠯ ᠤᠨ ᠳᠠᠳᠬᠠᠯ ᠲᠠᠢ ᠪᠣᠯᠬᠤ ᠶᠢ ᠤᠷᠢᠶᠠᠯᠠᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠤᠷᠲᠤ ᠡᠳ᠋ ᠢ ᠴᠠᠭᠠᠵᠠᠯᠠᠬᠤ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠤᠤᠷᠲᠤ ᠡᠳ᠋ ᠢ ᠴᠠᠭᠠᠵᠠᠯᠠᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠠᠬᠦᠯᠣᠨ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠬᠤᠤᠷ ᠥᠬᠡᠶ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠭᠡᠷᠡᠭ ᠡᠷᠬᠢᠯᠡᠬᠦ ᠭᠠᠵᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号