ᠬᠠᠷᠢᠶ᠎ᠠ ᠣᠷᠣᠨ ᠤ ᠪᠦᠬᠦ ᠠᠷᠠᠳ ᠤᠨ ᠬᠤᠣᠷ ᠴᠠᠭᠠᠵᠠᠯᠠᠬᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠣᠯᠠᠨ ᠲᠦᠮᠡᠨ ᠤ ᠬᠤᠣᠷᠳᠣ ᠡᠳ᠋ ᠤᠨ ᠬᠤᠣᠷ ᠬᠦᠨᠣᠭᠡᠯ ᠢ ᠲᠠᠨᠢᠬᠤ᠂ ᠬᠤᠣᠷ ᠲᠠᠳᠡᠬᠤ ᠶᠢ | ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠬᠤᠣᠷ ᠴᠠᠭᠠᠵᠠᠯᠠᠬᠤ ᠲᠡᠮᠡᠴᠡᠯ ᠳᠤ | ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠷᠡᠰᠢᠶᠠᠨ ᠬᠤᠳᠡ | ᠶᠢᠨ ᠢᠷᠪᠢᠰ ᠵᠡᠭᠡᠯᠢ ᠬᠠᠤᠯᠢ ᠴᠠᠭᠠᠵᠠ ᠶᠢᠨ ᠭᠠᠵᠠᠷ ᠲᠠᠢ ᠬᠠᠮᠲᠤᠷᠠᠨ ᠬᠤᠣᠷ ᠴᠠᠭᠠᠵᠠᠯᠠᠬᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠨᠢ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠤᠤᠷᠲᠤ | ᠡᠳ᠋ ᠤᠨ ᠬᠤᠤᠷ ᠬᠥᠨᠥᠭᠡᠯ ᠢ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ | ᠲᠦᠮᠡᠨ ᠳᠤ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠦᠭᠡᠮᠡᠯᠵᠢᠭᠦᠯᠵᠡᠶ᠃ ᠠᠵᠢᠯᠲᠠᠳ ᠬᠤᠤᠷᠲᠤ ᠡᠳ᠋ ᠤᠨ | ᠲᠥᠷᠥᠯ ᠵᠣᠶᠢᠯ᠂ ᠬᠤᠤᠷ ᠬᠥᠨᠥᠭᠡᠯ ᠵᠢᠴᠢ ᠰᠡᠷᠭᠡᠶᠢᠯᠡᠬᠦ ᠤᠷ᠎ᠠ ᠮᠡᠷᠭᠡᠵᠢᠯ᠂ ᠢᠯᠠᠩᠭᠤᠶ᠎ᠠ ᠰᠢᠨ᠎ᠡ ᠬᠡᠯᠪᠡᠷᠢ ᠶᠢᠨ | ᠬᠤᠣᠷᠳᠣ ᠡᠳ᠋ ᠢ ᠭᠤᠤᠯᠳᠠᠯᠭ᠎ᠠ ᠲᠠᠢ ᠤᠬᠠᠭᠤᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠰᠣᠨᠣᠷ | ᠰᠡᠷᠡᠮᠵᠢ ᠪᠠᠨ ᠳᠡᠭᠡᠭᠰᠢᠯᠡᠭᠦᠯᠣᠨ᠂ ᠬᠤᠤᠷᠲᠤ ᠡᠳ᠋ ᠤᠨ ᠲᠥᠭᠡᠷᠢᠭᠳᠡᠯ ᠠᠴᠠ ᠬᠤᠯᠠ ᠵᠠᠶᠢᠳᠠᠬᠤ ᠶᠢ ᠰᠠᠨᠠᠭᠤᠯᠪᠠ︔ | ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠤᠷᠲᠤ ᠡᠳ᠋ ᠢ ᠴᠠᠭᠠᠵᠠᠯᠠᠬᠤ ᠬᠠᠤᠯᠢ︾᠂ ︽ | ᠬᠤᠤᠷ ᠲᠠᠲᠠᠬᠤ ᠶᠢ ᠴᠠᠭᠠᠵᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠠᠢ ᠤᠶᠠᠯᠳᠤᠭᠤᠯᠤᠨ᠂ | ᠰᠠᠭᠤᠭᠠᠯᠢ ᠠᠷᠠᠳ ᠲᠤ ᠬᠤᠤᠷ ᠲᠠᠳᠡᠬᠤ ᠦᠢᠯᠡ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ ᠳ᠋ᠦᠩ ᠢ | ᠲᠠᠶᠢᠯᠪᠤᠷᠢᠯᠠᠨ ᠥᠭᠭᠦᠭᠰᠡᠨ ᠪᠥᠭᠡᠳ ᠲᠤᠬᠠᠶ ᠶᠢᠨ ᠲᠠᠯᠠᠪᠤᠷ ᠤᠨ ᠵᠥᠪᠯᠡᠯᠭᠡ ᠪᠠ ᠬᠠᠤᠯᠢ ᠴᠠᠭᠠᠵᠠ ᠶᠢᠨ | ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 50 ᠭᠠᠷᠤᠶ ᠬᠤᠪᠢ | ᠲᠠᠷᠬᠠᠭᠠᠵᠤ᠂ ᠠᠰᠠᠭᠤᠨ ᠯᠠᠪᠯᠠᠬᠤ ᠶᠢ 6 ᠬᠥᠮᠦᠨ ᠤᠳᠠᠭ᠎ᠠ ᠬᠦᠯᠢᠶᠡᠨ ᠠᠪᠤᠪᠠ᠃ ᠲᠠᠷᠠᠭᠠᠴᠢ ᠶᠢᠨ ᠠᠯᠬᠤᠮ ᠳᠤ᠂ | ᠢᠷᠪᠢᠰ ᠵᠡᠭᠡᠯᠢ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ | ᠰᠠᠭᠤᠭᠠᠯᠢ ᠠᠷᠠᠳ ᠤᠨ ᠬᠤᠤᠷ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠣᠨ᠂ | ᠠᠮᠤᠷ ᠠᠮᠤᠭᠤᠯᠠᠩ ᠡᠶ᠎ᠡ ᠵᠣᠬᠢᠴᠠᠩᠭᠤᠶ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠠ᠃ |