ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠲᠣᠬᠢᠷᠠᠭᠤᠯᠤᠯᠲᠠ ᠶᠣᠰᠣᠭᠠᠷ᠂ 6 ᠰᠠᠷ᠎ᠠ ᠶᠢᠨ 26 ᠤ ᠡᠳᠦᠷ᠂ ᠷᠡᠰᠢᠶᠠᠨ ᠬᠤᠳᠡ | ᠶᠢᠨ ᠲᠢᠶᠠᠨ ᠣᠣᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠱᠦ ᠴᠢᠩ ︽ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠺᠠᠳ᠋ᠷᠴᠤᠳ ᠤᠨ ᠣᠪᠣᠷ ᠰᠤᠷᠲᠠᠯ ᠢ ᠴᠡᠭᠴᠡᠯᠡᠶᠠ︾ ᠭᠡᠬᠦ ᠲᠤᠰᠬᠠᠶ | ᠰᠡᠳᠦᠪᠲᠦ ᠨᠠᠮ ᠤᠨ ᠬᠢᠴᠢᠶᠡᠯ ᠣᠷᠣᠪᠡ᠃ | ᠬᠢᠴᠢᠶᠠᠯ ᠲᠡᠭᠡᠷ᠎ᠡ᠂ ᠸᠠᠩ ᠱᠦ ᠴᠢᠩ ᠱᠦᠵᠢ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ | ᠰᠠᠶᠢᠲᠤᠷ ᠥᠷᠨᠢᠭᠦᠯᠬᠦ ᠳᠤ ᠳᠥᠷᠪᠡᠨ ᠱᠠᠭᠠᠷᠳᠠᠯᠭ᠎ᠠ ᠳᠤᠷᠠᠳᠪᠠ᠄ ᠨᠢᠭᠡ᠂ ᠣᠳᠣᠬᠠᠨ ᠤ ᠰᠤᠷᠤᠯᠴᠠᠯᠭ᠎ᠠ | ᠬᠥᠮᠦᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠶ ᠪᠠᠶᠢᠳᠠᠯ ᠢ ᠬᠦᠢᠴᠡᠳ ᠲᠠᠨᠢᠵᠤ᠂ ᠠᠶᠢᠮᠠᠭ ᠬᠤᠲᠠ ᠬᠤᠶᠠᠷ | ᠱᠠᠲᠣ ᠪᠠᠷ ᠢᠶᠠᠨ ᠨᠢᠭᠡᠨᠲᠡ ᠮᠠᠨ ᠤ ᠪᠠᠯᠭᠠᠰᠤᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠣᠯᠠᠨ ᠤᠳᠠᠭ᠎ᠠ | ᠵᠢᠯᠣᠭᠤᠳᠴᠤ᠂ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠠᠵᠢᠯ ᠢ ᠵᠣᠷᠪᠣᠰ ᠳᠠᠷᠠᠭᠠᠯᠠᠨ ᠰᠠᠶᠢᠲᠤᠷ | ᠥᠷᠨᠢᠭᠦᠯᠬᠦ ᠬᠡᠷᠡᠭᠲᠡᠶ᠃ ᠬᠤᠶᠠᠷ ᠂ ᠣᠳᠣᠬᠠᠨ ᠤ ᠰᠤᠷᠤᠯᠴᠠᠯᠭ᠎ᠠ ᠬᠥᠮᠦᠵᠢᠯ ᠨᠢᠭᠡᠨᠳᠡ 5 ᠡᠭᠦᠷᠭᠡ ᠶᠢᠨ ᠭᠤᠣᠯᠳᠡᠯᠭ᠎ᠠ | ᠪᠣᠯᠬᠤ ᠪᠠᠶᠢᠴᠠᠭᠠᠯᠳᠡ ᠪᠠ ᠴᠡᠭᠴᠡᠯᠡᠨ ᠰᠠᠶᠢᠵᠢᠷᠠᠭᠤᠯᠬᠤ ᠶᠠᠪᠣᠴᠠ ᠳᠤ ᠬᠦᠷᠥᠭᠰᠠᠨ ᠪᠠᠶᠢᠨ᠎ᠠ᠂ ᠠᠰᠠᠭᠤᠳᠠᠯ ᠳᠤ | ᠬᠥᠳᠡᠯᠦᠩᠭᠦᠢ ᠪᠠᠷ ᠲᠤᠬᠢᠷᠠᠭᠤᠯᠤᠯᠳᠠ ᠬᠢᠵᠦ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠠᠳᠬᠤᠵᠤ᠂ ᠨᠡᠩ ᠰᠠᠶᠢᠨ ᠦᠷ᠎ᠡ ᠪᠦᠲᠦᠮᠵᠢ ᠤᠯᠬᠤ ᠬᠡᠷᠡᠭᠲᠡᠢ᠃ ᠭᠤᠷᠪᠠ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠰᠠᠭᠤᠳᠡᠯ ᠢ 7 ᠲᠠᠯ᠎ᠠ ᠠᠴᠠ ᠡᠷᠡᠰ ᠬᠤᠷᠢᠭᠯᠠᠵᠤ᠂ ᠭᠤᠤᠯ ᠴᠣᠭᠴᠠ ᠶᠢᠨ | ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠲᠠᠢ ᠪᠠᠶᠢᠬᠤ ᠡᠬᠦᠷᠭᠡ ᠪᠠᠨ ᠦᠨᠡᠨ ᠬᠦ ᠪᠠᠶᠠᠯᠠᠬᠦᠯᠬᠦ ᠬᠡᠷᠡᠭᠲᠡᠶ᠃ ᠲᠦᠷᠪᠡ ᠳᠤ᠂ ᠲᠡᠭᠡᠳᠣ | ᠲᠣᠣᠷᠡᠳᠣ ᠱᠠᠳᠣ ᠪᠠᠷ ᠢᠶᠠᠨ ᠡᠬᠦᠷᠭᠡ ᠬᠠᠷᠢᠭᠤᠴᠠᠯᠭ᠎ᠠ ᠪᠠᠨ ᠰᠠᠶᠢᠳᠣᠷ ᠬᠦᠢᠴᠡᠳᠭᠡᠵᠣ᠂ ᠺᠠᠳ᠋ᠷ ᠠᠵᠢᠯᠲᠠᠨ ᠨᠢᠭᠡᠪᠦᠷᠢ | ᠴᠥᠮ ᠰᠤᠷᠤᠯᠴᠠᠯᠭ᠎ᠠ ᠬᠥᠮᠦᠵᠢᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠨᠠᠷᠢᠨ | ᠬᠢᠨᠠᠮᠠᠭᠠᠶ ᠣᠶᠢᠯᠡᠳᠦᠯᠭᠡᠵᠢᠭᠦᠯᠬᠦ ᠬᠡᠷᠡᠭᠲᠡᠶ ᠭᠡᠵᠣ ᠱᠠᠭᠠᠷᠳᠡᠪᠡ᠃ | ᠲᠣᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠨᠢ ᠨᠡᠶᠢᠭᠡᠮ ᠲᠣᠭᠤᠷᠢᠭ ᠤᠨ ᠰᠤᠷᠲᠠᠯ ᠤᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠡᠯ ᠢ ᠭᠦᠨᠵᠡᠭᠡᠶ ᠵᠠᠳᠠᠯᠣᠨ᠂ ᠪᠣᠳᠠᠲᠠᠶ | ᠱᠠᠭᠠᠷᠳᠠᠯᠭ᠎ᠠ ᠲᠣᠷᠡᠳᠴᠣ᠂ ᠠᠵᠢᠯᠳᠡᠨ ᠤ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠨᠢᠭᠡᠳᠬᠡᠨ᠂ | ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠣᠯᠡᠮ ᠨᠢᠭᠡ ᠠᠯᠬᠤᠮ ᠴᠢᠩᠭᠠᠳᠬᠠᠵᠤ᠂ ᠨᠠᠮ ᠤᠨ ᠲᠦᠪ | ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠢᠶᠠᠨ ᡂᠢ ᠪᠠᠯᠭᠠᠰᠤᠨ ᠳᠤ ᠦᠨᠳᠦᠰᠦᠯᠡᠭᠦᠯᠬᠦ ᠶᠢ | ᠳᠥᠯᠭᠢᠨ ᠠᠬᠢᠭᠤᠯᠵᠣ᠂ ᠪᠠᠰᠠ ᠪᠥᠬᠦ ᠪᠠᠯᠭᠠᠰᠤᠨ ᠤ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ | ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠳᠤ ᠪᠠᠲᠤ ᠴᠢᠩᠭ᠎ᠠ ᠪᠠᠲᠤᠯᠠᠭ᠎ᠠ | ᠬᠠᠩᠭᠠᠭᠰᠠᠨ ᠪᠠᠶᠢᠨ᠎ᠠ᠃ |