ᠰᠢᠨ ᠴᠧᠩ ᠵᠡᠭᠡᠯᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠡᠢ
ᠨᠡᠶᠢᠲᠡᠯᠡᠭᠰᠡᠨ ᠴᠠᠭ᠄
2025/6/27
     ᠨᠡᠶᠢᠭᠡᠮ ᠲᠣᠭᠤᠷᠢᠭ ᠤᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠ ᠲᠤᠭᠤᠰᠢᠯᠠᠭᠤᠯᠬᠤ ᠶᠢ ᠭᠦᠨᠵᠡᠭᠡᠶ ᠠᠬᠢᠭᠤᠯᠣᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠡᠷᠡᠰ ᠭᠤᠶᠢᠪᠢᠰᠢ ᠥᠬᠡᠶ ᠡᠰᠡᠷᠭᠦᠴᠡᠨ ᠬᠤᠷᠢᠭᠯᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠦᠨᠡᠨ ᠬᠦ ᠴᠢᠩᠳᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠬᠤᠭ ᠨᠣᠪᠰᠢ ᠶᠢᠨ ᠲᠡᠷᠭᠡᠨ ᠤ ᠲᠦᠷ ᠤᠷᠢᠭᠰᠠᠨ ᠵᠢᠯᠣᠭᠤᠴᠢ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠲᠤᠬᠠᠶ ᠲᠤᠰᠬᠠᠶ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ᠃    ᠵᠡᠭᠡᠯᠢ ᠶᠢᠨ ᠨᠠᠮ ᠤᠨ ᠠᠵᠢᠯᠯᠠᠬᠤ ᠵᠦᠪᠯᠡᠯ ᠤᠨ ᠱᠦᠵᠢ ᠯᠢᠨ ᠬᠤᠩ ᠣᠶᠢᠷ᠎ᠠ ᠶᠢᠨ ᠬᠤᠭᠤᠴᠠᠭᠠᠨ ᠳᠠᠬᠢ ᠮᠤᠵᠢ ᠬᠤᠲᠠ ᠶᠢᠨ ᠬᠡᠪᠴᠢᠶᠡᠨ ᠳᠠᠬᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠲᠤᠬᠠᠶ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠬᠢᠨᠠᠮᠭᠠᠢ ᠵᠠᠷᠯᠠᠨ ᠮᠡᠳᠡᠭᠳᠡᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠢᠯᠡᠷᠡᠬᠦ ᠬᠡᠯᠪᠡᠷᠢ ᠵᠢᠴᠢ ᠬᠤᠤᠷ ᠬᠥᠨᠥᠭᠡᠯ ᠢ ᠭᠦᠨᠵᠡᠭᠡᠶ ᠵᠠᠳᠠᠯᠣᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠰᠠᠬᠢᠯᠭ᠎ᠠ ᠪᠠᠲᠤ ᠶᠢᠨ ᠲᠣᠭᠲᠠᠭᠠᠯ ᠢ ᠵᠥᠷᠢᠴᠡᠭᠰᠡᠨ ᠢᠶᠠᠷ ᠪᠠᠷᠠᠬᠤ ᠥᠬᠡᠶ᠂ ᠨᠠᠩ ᠠᠮᠠᠷᠬᠠᠨ ᠢᠯᠵᠠᠷᠠᠨ ᠳᠣᠷᠦ᠋ᠢᠲᠠᠬᠤ ᠦᠢᠯᠡ ᠠᠵᠢᠯᠯᠠᠭ᠎ᠠ ᠪᠣᠯᠵᠤ᠂ ᠵᠠᠰᠠᠭ ᠤᠨ ᠣᠷᠳᠣᠨ ᠤ ᠳᠦᠷᠢ ᠲᠥᠷᠬᠦ ᠶᠢ ᠬᠤᠬᠢᠷᠠᠭᠤᠯᠬᠤ ᠶᠣᠮ᠃ ᠵᠢᠯᠣᠭᠤᠴᠢ ᠨᠠᠷ ᠬᠡᠷᠡᠭ ᠢᠶᠠᠷ ᠲᠤᠯᠢ ᠪᠣᠯᠭᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠢᠳᠡᠵᠦ ᠤᠤᠭᠤᠬᠤ ᠭᠠᠵᠢᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠣ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ ᠪᠥᠭᠡᠳ ᠰᠢᠢᠳᠪᠦᠷᠢᠯᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠬᠦᠴᠦᠲᠡᠶ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠬᠠᠷᠢᠯᠴᠠᠨ ᠬᠢᠨᠠᠯᠲᠠ ᠲᠠᠯᠪᠢᠬᠤ ᠶᠢ ᠵᠣᠷᠢᠭᠵᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠣᠰ ᠤᠳᠠᠭᠠᠨ ᠤ ᠬᠤᠷᠠᠯ ᠨᠢ ᠵᠢᠯᠣᠭᠤᠴᠢ ᠨᠠᠷ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠨᠳᠥᠷ ᠦᠷ᠎ᠡ ᠪᠦᠲᠦᠮᠵᠢᠲᠡᠶ ᠠᠷᠢᠭᠤᠨ ᠴᠢᠭᠡᠴᠢ ᠠᠵᠢᠯ  ᠤᠨ ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号