ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠬᠤ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 30 ᠤ ᠡᠳᠦᠷ᠂ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠠᠬᠢᠭᠤᠯᠬᠤ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠰᠤᠷᠤᠯᠴᠠᠯᠭ᠎ᠠ ᠬᠥᠮᠦᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ  ᠰᠣᠨᠢᠷᠬᠠᠪᠡ᠃ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠣᠶᠢᠯᠡ ᠠᠵᠢᠯᠯᠠᠭ᠎ᠠ ᠲᠡᠭᠡᠷ᠎ᠡ ᠪᠠᠨ ᠪᠣᠳᠡᠳᠡᠶᠢᠵᠢᠭᠤᠯᠵᠣ᠂ ᠰᠡᠳᠬᠢᠯ ᠰᠠᠨᠠᠭ᠎ᠠ ᠪᠠᠨ ᠨᠢᠭᠲᠠᠷᠠᠭᠤᠯᠣᠨ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠪᠠᠳᠣᠳᠬᠠᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠡᠭᠦᠷᠢᠳᠡ ᠵᠤᠬᠰᠤᠰᠢ ᠦᠭᠡᠢ ᠪᠠᠶᠢᠬᠤ︾ ᠬᠤᠷᠴᠠ ᠰᠡᠷᠭᠡᠭ ᠴᠢᠨᠠᠷ ᠢᠶᠠᠷ ᠰᠤᠷᠲᠠᠯ ᠤᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠠᠷᠢᠮᠵᠢᠶ᠎ᠠ ᠪᠣᠯᠤᠨ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠪᠠᠶᠢᠴᠠᠭᠠᠨ ᠢᠯᠡᠷᠡᠬᠦᠯᠵᠤ᠂ ᠲᠦᠷᠢᠮ ᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠢᠯᠡ ᠲᠣᠳᠣ ᠦᠷᠳᠡᠭ ᠤᠨ ᠤᠳᠤᠷᠢᠳᠤᠮᠵᠢ ᠶᠢ ᠪᠤᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠵᠤ᠂ ︽ᠬᠢᠳᠤᠭᠠᠨ ᠢᠷ ᠢ ᠳᠣᠲᠣᠭᠰᠢ ᠬᠠᠨᠳᠤᠭᠤᠯᠬᠤ︾ ᠰᠥᠰᠥ ᠵᠣᠷᠢᠭ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠶᠢᠨ ᠪᠠᠶᠢᠳᠠᠯ᠂ ᠴᠢᠬᠤᠯᠠ ᠶᠡᠭᠡ ᠲᠦᠷᠦᠯ ᠵᠦᠢᠯ ᠵᠡᠷᠭᠡ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠡᠶᠡᠯᠡᠭᠦᠯᠵᠦ᠂ ᠪᠡᠳᠣ ᠬᠠᠳᠠᠨ ᠵᠣᠷᠢᠭ ᠢᠶᠠᠷ ᠰᠤᠷᠤᠯᠴᠠᠯᠭ᠎ᠠ ᠬᠥᠮᠦᠵᠢᠯ ᠢ ᠭᠤᠣᠯᠳᠠᠯᠭᠠᠳᠣ ᠠᠵᠢᠯ ᠲᠠᠢ ᠭᠦᠨᠵᠡᠭᠡᠢ ᠠᠭᠤᠰᠤᠯᠴᠠᠭᠤᠯᠵᠤ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠣᠨ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠪᠡ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号