ᠮᠠᠨ ᠤ ᠤᠷᠤᠨ ᠤ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠤᠷᠢ 7920.1 ᠳ᠋ᠦᠩᠰᠢᠭᠤᠷ ᠲᠦᠬᠦᠷᠢᠭ ᠲᠤ ᠬᠦᠷᠴᠠᠢ
ᠨᠡᠶᠢᠲᠡᠯᠡᠭᠰᠡᠨ ᠴᠠᠭ᠄
2025/6/3
      ᠡ᠊ᠨᠠ ᠵᠢᠯ ᠠᠴᠠ ᠨᠠᠭᠠᠰᠢ᠂ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠥᠪᠥᠷ ᠮᠣᠩᠭᠤᠯ ᠤᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠣᠰᠣᠭᠠᠷ᠂ ᠮᠥᠩᠭᠦᠨ ᠭᠦᠢᠯᠭᠡᠭᠡᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠢᠶᠠᠷ 2025 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠷᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 7920.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃      ᠡ᠊ᠨᠡ ᠵᠢᠯ ᠠᠴᠠ ᠨᠠᠭᠠᠰᠢ᠂ ᠲᠣᠰ ᠠᠵᠢᠯ ᠲᠥᠷᠥᠯ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ ᠲᠣᠰ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ᠂ ᠵᠢᠭᠡᠯᠡᠯᠭᠡ ᠲᠠᠯᠪᠢᠬᠤ ᠨᠥᠬᠦᠴᠡᠯ ᠪᠠ ᠬᠦᠦ ᠮᠥᠩᠭᠦ ᠶᠢᠨ ᠨᠣᠷᠮ᠎ᠠ ᠶᠢᠨ ᠬᠢᠷᠢ ᠲᠦᠪᠰᠢᠨ ᠤ ᠲᠠᠯ᠎ᠠ ᠪᠠᠷ ᠤᠯᠤᠰ ᠤᠨ ᠥᠮᠴᠢᠯᠡᠯᠳᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ 25 ᠵᠦᠢᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠨᠠᠮᠳᠠᠭᠤᠯᠪᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠩ ᠣᠯᠠᠨ ᠲᠥᠪ ᠪᠠᠩᠬᠢ ᠶᠢᠨ ᠥᠪᠡᠷ ᠤᠨ ᠥᠷᠲᠡᠭ ᠪᠠᠭᠠᠲᠠᠶ ᠪᠠᠯᠠ ᠮᠥᠩᠭᠦ ᠶᠢ ᠬᠡᠷᠡᠭᠯᠡᠨ ᠥᠪᠥᠷ ᠮᠣᠩᠭᠤᠯ ᠤᠨ ᠭᠤᠤᠯᠳᠠᠯᠭ᠎ᠠ ᠲᠠᠢ ᠬᠦᠷᠢᠶᠡᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠢᠢ ᠨᠡᠮᠡᠭᠳᠡᠭᠦᠯᠬᠦ ᠶᠢ ᠳᠡᠮᠵᠢᠪᠡ︔ ᠮᠠᠨ ᠤ ᠤᠷᠤᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠥᠷᠢ ᠥᠭᠴᠡᠭᠡ ᠶᠢᠨ ᠲᠡᠩᠴᠡᠭᠦᠷᠢᠲᠡᠶ ᠬᠠᠮᠢᠶᠠᠷᠤᠯᠲᠠ ᠶᠢ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠤᠨ ᠵᠦᠶ ᠵᠣᠬᠢᠰᠲᠠᠶ ᠪᠠᠭᠤᠷᠠᠬᠤ ᠶᠢ ᠠᠬᠢᠭᠤᠯᠪᠠ︔ ᠬᠠᠷᠢᠶ᠎ᠠ ᠤᠷᠤᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠵᠢᠭᠡᠯᠡᠯᠭᠡ ᠶᠢᠨ ᠲᠡᠮᠳᠡᠭᠲᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠢᠭᠡᠯᠡᠯᠭᠡ ᠶᠢᠨ ᠲᠡᠮᠳᠡᠭᠲᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠬᠦᠷᠢᠶᠡᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号