ᠡ᠊ᠨᠠ ᠵᠢᠯ ᠠᠴᠠ ᠨᠠᠭᠠᠰᠢ᠂ ᠪᠦᠬᠦ ᠤᠷᠤᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠰᠠᠯᠠᠭ᠎ᠠ ᠶᠢᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠣᠮᠣ ᠬᠡᠪᠴᠢᠶᠡᠨ ᠤ ᠲᠥᠬᠦᠭᠡᠷᠦᠮᠵᠢ ᠶᠢ | ᠰᠢᠨᠡᠳᠭᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ︾ ᠲᠦᠷᠦ ᠶᠢᠨ ᠪᠤᠳᠤᠯᠭ᠎ᠠ ᠶᠢᠨ | ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ | ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠡᠷᠬᠡ ᠠᠰᠢᠭ ᠢ ᠡᠷᠴᠢᠮᠳᠠᠢ ᠬᠠᠮᠠᠭᠠᠯᠠᠵᠤ ᠪᠠᠶᠢᠨ᠎ᠠ᠃ | ᠬᠠᠤᠯᠢ ᠶᠢ ᠴᠢᠩᠭ᠎ᠠ ᠬᠡᠷᠡᠭᠵᠢᠭᠦᠯᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠪᠡ᠃ ᠡᠭᠦᠨ ᠳᠤ ︽ | ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠶᠢ ᠵᠡᠷᠭᠡ ᠪᠠᠷ ᠴᠢᠬᠤᠯᠠᠴᠢᠯᠠᠬᠤ︾ ᠶᠢ ᠪᠠᠷᠢᠮᠲᠠᠯᠠᠵᠤ᠂ ᠦᠨ᠎ᠡ ᠬᠠᠩᠰᠢ | ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠬᠦ᠂ ᠨᠥᠬᠦᠪᠥᠷᠢ ᠶᠢ ᠮᠡᠬᠡᠯᠡᠨ ᠠᠪᠬᠤ᠂ | ᠬᠡᠷᠡᠭᠯᠡᠭᠴᠢᠳ ᠢ ᠬᠢᠬᠠᠬᠤ ᠵᠡᠷᠭᠡ ᠠᠵᠢᠯᠯᠠᠭ᠎ᠠ ᠪᠠᠶᠢᠪᠠᠯ ︽ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ | ᠰᠣᠯᠢᠬᠤ ᠠᠵᠢᠯᠯᠠᠭ᠎ᠠ︾ ᠳᠤ ᠤᠷᠤᠯᠴᠠᠬᠤ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ ᠢᠲᠡᠭᠡᠯ | ᠠᠯᠳᠠᠭᠰᠠᠨ ᠨᠡᠷᠡᠰ ᠲᠤ ᠤᠷᠤᠭᠤᠯᠵᠤ ᠵᠠᠯᠬᠠᠭᠠᠯ ᠦᠵᠡᠭᠦᠯᠬᠦ᠂ ᠲᠦᠷᠦ ᠶᠢᠨ ᠪᠤᠳᠤᠯᠭ᠎ᠠ ᠪᠠᠷ ᠤᠬᠠᠭᠤᠯᠤᠨ | ᠵᠢᠯᠣᠭᠤᠳᠬᠤ ᠵᠡᠷᠭᠡ ᠠᠷᠭ᠎ᠠ ᠪᠠᠷᠢᠯ ᠢ ᠬᠡᠷᠡᠭᠵᠢᠭᠦᠯᠪᠡ᠃ | ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠳᠠᠮᠵᠢᠨ ᠠᠵᠤ ᠦᠢᠯᠡᠰ ᠤᠨ ᠳᠡᠰ ᠳᠡᠪᠰᠢᠬᠦ ᠪᠠ ᠬᠡᠷᠡᠭᠯᠡᠭᠡ ᠶᠢᠨ ᠳᠡᠰ | ᠳᠡᠪᠰᠢᠬᠦ ᠶᠢ ᠬᠥᠲᠥᠯᠥᠨ ᠳᠠᠭᠠᠭᠤᠯᠪᠠ᠃ ᠡᠭᠦᠨ ᠳᠤ ᠲᠥᠬᠦᠭᠡᠷᠦᠮᠵᠢ ᠶᠢ ᠰᠢᠨᠡᠳᠭᠡᠬᠦ ᠲᠠᠯ᠎ᠠ ᠪᠠᠷ᠂ 36 ᠵᠦᠢᠯ ᠤᠨ | ᠣᠷᠣᠨ ᠨᠤᠲᠤᠭ ᠤᠨ ᠪᠠᠷᠢᠮᠵᠢᠶ᠎ᠠ᠂ 3 ᠵᠦᠢᠯ ᠤᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠨ᠂ | ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ᠂ ᠤᠷ᠎ᠠ ᠮᠡᠷᠭᠡᠵᠢᠯ ᠤᠨ ᠲᠠᠰ ᠳᠡᠪᠰᠢᠬᠦ ᠶᠢ ᠡᠷᠴᠢᠮᠳᠠᠢ ᠠᠬᠢᠭᠤᠯᠪᠠ᠃ | ᠬᠡᠷᠡᠭᠯᠡᠭᠡᠨ ᠤ ᠵᠦᠢᠯᠡᠰ ᠤᠨ ᠲᠠᠯ᠎ᠠ ᠪᠠᠷ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠳᠦᠷ ᠲᠤᠲᠤᠮ ᠤᠨ | ᠬᠡᠷᠡᠭᠯᠡᠭᠡᠨ ᠤ ᠵᠦᠢᠯᠡᠰ ᠵᠡᠷᠭᠡ ᠳᠤ 28 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ᠂ 1 | ᠲᠦᠷᠦᠯ ᠤᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠨ᠂ ᠴᠠᠬᠢᠯᠭᠠᠨ ᠬᠥᠳᠡᠯᠭᠡᠭᠦᠷᠲᠦ ᠮᠠᠰᠢᠨ | ᠲᠡᠷᠭᠡ᠂ ᠡᠳᠦᠷ ᠲᠤᠲᠤᠮ ᠤᠨ ᠬᠡᠷᠡᠭᠯᠡᠭᠡᠨ ᠤ ᠵᠦᠢᠯᠡᠰ ᠵᠡᠷᠭᠡ ᠬᠡᠷᠡᠭᠯᠡᠭᠡᠨ ᠤ ᠵᠦᠢᠯᠡᠰ ᠤᠨ ᠦᠢᠯᠡᠳᠬᠦᠨ ᠤ ᠮᠡᠷᠭᠡᠵᠢᠯ | ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ 19 | ᠵᠦᠢᠯ ᠤᠨ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠪᠦᠯᠬᠦᠮ ᠤᠨ ᠪᠠᠷᠢᠮᠵᠢᠶ᠎ᠠ ᠶᠢ ᠲᠣᠭᠲᠠᠭᠠᠵᠤ᠂ | ᠠᠯᠠᠱᠠ ᠶᠢᠨ ᠴᠠᠭᠠᠨ ᠭᠤᠶᠣᠣ ᠵᠡᠷᠭᠡ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠪᠥᠬᠦ ᠤᠯᠤᠰ ᠲᠤ | ᠭᠠᠷᠭᠠᠬᠤ ᠪᠠᠷ ᠳᠠᠶᠢᠴᠢᠯᠠᠪᠠ᠃ ᠡᠷᠭᠢᠯᠳᠦᠭᠦᠯᠦᠨ ᠠᠰᠢᠭᠯᠠᠬᠤ ᠲᠠᠯ᠎ᠠ ᠪᠠᠷ ᠪᠠᠰᠠ 12 ᠵᠦᠢᠯ ᠤᠨ ᠣᠷᠣᠨ | ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ᠂ 2 ᠵᠦᠢᠯ ᠤᠨ ᠤᠯᠤᠰ ᠤᠨ ᠪᠠᠷᠢᠮᠵᠢᠶ᠎ᠠ ᠶᠢ ᠲᠦᠷᠦᠭᠦᠯᠡᠨ ᠲᠣᠭᠲᠠᠭᠠᠵᠤ᠂ | ᠠᠵᠤ ᠦᠢᠯᠡᠳᠪᠦᠷᠢ ᠢᠢᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠬᠤᠷᠢᠶᠠᠨ ᠠᠪᠴᠤ ᠳᠠᠬᠢᠨ ᠠᠰᠢᠭᠯᠠᠬᠤ ᠶᠢ | ᠡᠷᠴᠢᠮᠳᠠᠢ ᠳᠠᠶᠢᠴᠢᠯᠠᠪᠠ᠃ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ᠂ ᠴᠠᠭᠠᠨ ᠢᠳᠡᠭᠡᠨ ᠵᠡᠷᠭᠡ | ᠳᠠᠪᠠᠭᠤᠯᠢᠭ ᠠᠵᠤ ᠦᠢᠯᠡᠰ ᠤᠨ ᠲᠤᠬᠠᠢ 7 ᠵᠦᠢᠯ ᠤᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠠᠢ | ᠃ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠷ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠰᠠᠬᠢᠨ ᠬᠠᠮᠠᠭᠠᠯᠠᠪᠠ᠃ ᠡᠭᠦᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠭᠠᠷᠴᠠᠭ ︵2025 ᠣᠨ ᠤ ᠬᠡᠪ︶︾ ᠢ ᠳᠠᠷᠤᠮᠠᠯᠯᠠᠨ ᠲᠠᠷᠬᠠᠭᠠᠵᠤ᠂ ᠰᠢᠲᠠᠮᠠᠬᠠᠶ ᠬᠡᠶ ᠶᠢᠨ | ᠬᠡᠷᠡᠭᠰᠡᠯ᠂ ᠤᠰᠤ ᠬᠠᠯᠠᠭᠠᠭᠤᠷ᠂ ᠤᠯᠤᠰ ᠲᠠᠭᠠᠨ ᠦᠢᠯᠡᠳᠪᠦᠷᠢᠯᠡᠭᠰᠡᠨ ᠺᠣᠮᠫᠢᠦ᠋ᠲ᠋ᠧᠷ᠂ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡ ᠵᠡᠷᠭᠡ 13 ᠲᠥᠷᠥᠯ ᠤᠨ ᠬᠡᠷᠡᠭᠯᠡᠭᠡᠨ ᠤ ᠵᠦᠢᠯᠡᠰ ᠢ ᠰᠤᠭᠤᠴᠢᠨ ᠪᠠᠶᠢᠴᠠᠭᠠᠬᠤ ᠲᠥᠯᠥᠪᠯᠡᠭᠡ ᠳᠤ | ᠣᠷᠣᠭᠤᠯᠵᠤ᠂ ᠪᠥᠬᠦ ᠵᠢᠯ ᠳᠤ 755 ᠪᠦᠯᠦᠭ ᠤᠳᠠᠭ᠎ᠠ ᠶᠢᠨ ᠬᠢᠨᠠᠯᠲᠠ ᠲᠠᠯᠪᠢᠬᠤ ᠰᠤᠭᠤᠴᠢᠨ ᠪᠠᠶᠢᠴᠠᠭᠠᠯᠳᠠ ᠶᠢ | ᠲᠣᠬᠢᠷᠠᠭᠤᠯᠪᠠ᠃ ︵ᠲᠤᠰ ᠪᠤᠯᠤᠩ ᠤᠨ ᠡᠬᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ | ᠰᠢᠯᠵᠢᠬᠦᠯᠪᠡ︶ |