ᠦᠵᠡᠰᠬᠦᠯᠡᠩᠳᠤ ᠰᠠᠶᠢᠬᠠᠨ ᠠᠭᠤᠯᠠ ᠤᠰᠤ ᠲᠠᠢ ᠲᠤᠮᠤᠭᠳᠤ ᠷᠠᠰᠢᠶᠠᠨ ᠬᠦᠮᠤᠨ ᠵᠤᠨ ᠤ ᠪᠠᠭ᠋ᠠᠷᠬᠠᠯ ᠢ ᠲᠠᠳᠠᠭᠰᠠᠨ ᠠᠰᠢᠳᠠ ᠶᠢᠨ ᠤᠷᠤᠨ
ᠨᠡᠶᠢᠲᠡᠯᠡᠭᠰᠡᠨ ᠴᠠᠭ᠄
2025/6/30
         — ᠷᠠᠰᠢᠶᠠᠨ ᠬᠤᠳᠠ ᠶᠢᠨ ᠲᠦᠷᠪᠡᠨ ᠤᠯᠠᠷᠢᠯ ᠤᠨ ᠵᠢᠭᠤᠯᠴᠢᠯᠠᠯ ᠤᠨ ᠲᠤᠬᠠᠢ ᠲᠡᠮᠳᠡᠭᠯᠡᠪᠡ                   ● ᠰᠤᠷᠪᠤᠯᠵᠢᠯᠠᠭᠴᠢ ᠴᠤᠯᠮᠤᠨ      ︽ᠬᠠᠪᠤᠷ ᠤᠨ ᠤᠯᠠᠷᠢᠯ ᠳᠤ ᠬᠤᠷᠴᠠ ᠤᠯᠠᠭᠠᠨ ᠴᠡᠴᠡᠭ ᠰᠤᠨᠢᠷᠬᠠᠨ᠂ ᠵᠤᠨ ᠤ ᠤᠯᠠᠷᠢᠯ ᠳᠤ ᠰᠡᠷᠢᠬᠦᠨ ᠲᠠᠭᠠᠯᠠᠮᠵᠢᠳᠠᠢ ᠤᠷᠴᠢᠨ ᠢ ᠪᠡᠶᠡᠴᠢᠯᠡᠨ ᠤᠶᠢᠯᠠᠭᠠᠵᠤ᠂ ᠨᠠᠮᠤᠷ ᠤᠨ ᠤᠯᠠᠷᠢᠯ ᠳᠤ ᠤᠢ ᠶᠢᠨ ᠦᠵᠡᠮᠵᠢ ᠪᠠᠷ ᠵᠢᠭᠤᠯᠴᠢᠯᠠᠨ᠂ ᠡᠪᠤᠯ ᠤᠨ ᠤᠯᠠᠷᠢᠯ ᠳᠤ ᠮᠦᠰᠤ ᠴᠠᠰᠤᠨ ᠤ ᠦᠵᠡᠮᠵᠢ ᠶᠢ ᠲᠤᠭᠤᠷᠢᠨ ᠦᠵᠡᠬᠦ︾ ᠭᠡᠬᠦ ᠮᠡᠳᠤ ᠪᠠᠷ ᠤᠶᠢᠷ᠎ᠠ ᠶᠢᠨ ᠵᠢᠯ ᠠᠴᠠ ᠨᠠᠭᠠᠰᠢ ᠷᠠᠰᠢᠶᠠᠨ ᠬᠤᠳᠠ ᠲᠦᠷᠪᠡᠨ ᠤᠯᠠᠷᠢᠯ ᠤᠨ ᠵᠢᠭᠤᠯᠴᠢᠯᠠᠯ ᠢ ᠬᠦᠴᠤᠯᠡᠨ ᠬᠦᠭᠵᠢᠬᠦᠯᠵᠤ᠂ ᠠᠳᠠᠯᠢ ᠪᠤᠰᠤ ᠤᠯᠠᠷᠢᠯ ᠤᠨ ᠤᠨᠴᠠᠯᠢᠭᠳᠤ ᠦᠵᠡᠮᠵᠢ ᠪᠠᠷ ᠢᠶᠠᠨ ᠬᠤᠯᠠ ᠤᠶᠢᠷ᠎ᠠ ᠶᠢᠨ ᠵᠢᠭᠤᠯᠴᠢᠯᠠᠭᠴᠢᠳ ᠢ ᠲᠠᠳᠠᠨ᠎ᠠ᠃      ᠤᠶᠢᠷ᠎ᠠ ᠶᠢᠨ ᠡᠳᠦᠷ ᠪᠡᠭᠡᠵᠢᠩ ᠬᠤᠳᠠ ᠶᠢᠨ ᠳ᠋ᠠ ᠰᠢᠩ ᠤᠯᠠᠨ ᠤᠯᠤᠰ ᠤᠨ ᠨᠢᠰᠭᠡᠯ ᠤᠨ ᠪᠠᠭᠤᠳᠠᠯ ᠠᠴᠠ ᠢᠷᠡᠭᠰᠡᠨ JD5685 ᠡᠭᠡᠯᠵᠢ ᠶᠢᠨ ᠨᠢᠰᠭᠡᠯ ᠷᠠᠰᠢᠶᠠᠨ ᠬᠤᠳᠠ ᠶᠢᠨ ᠢᠷᠪᠢᠰ ᠨᠢᠰᠭᠡᠯ ᠤᠨ ᠪᠠᠭᠤᠳᠠᠯ ᠳᠤ ᠠᠯᠭᠤᠷᠬᠠᠨ ᠪᠠᠭᠤᠪᠠ᠃ ᠲᠤᠰ ᠤᠳᠠᠭᠠᠨ ᠤ ᠨᠢᠰᠭᠡᠯ ᠳᠤ ᠪᠡᠭᠡᠵᠢᠩ ᠬᠤᠳᠠ ᠶᠢᠨ ᠵᠠᠭᠤ ᠭᠠᠷᠤᠢ ᠵᠢᠭᠤᠯᠴᠢᠯᠠᠬᠴᠢ ᠬᠢᠩᠭᠠᠨ ᠠᠶᠢᠮᠠᠭ ᠤᠨ ᠷᠠᠰᠢᠶᠠᠨ ᠬᠤᠳᠠ ᠳᠤ ᠵᠤᠨ ᠤ ᠤᠯᠠᠷᠢᠯ ᠤᠨ ᠰᠡᠷᠢᠭᠦᠨ ᠳᠠᠭᠠᠯᠠᠮᠵᠢᠳᠡᠢ ᠤᠷᠴᠢᠨ ᠢ ᠪᠡᠶᠡᠴᠢᠯᠡᠨ ᠤᠶᠢᠯᠠᠭᠠᠬᠤ ᠪᠠᠷ ᠢᠷᠡᠵᠤ᠂ ᠡ᠊ᠨᠠ ᠨᠢ ᠪᠠᠰᠠ ᠪᠡᠭᠡᠵᠢᠩ ᠠᠴᠠ ᠷᠠᠰᠢᠶᠠᠨ ᠳᠤ ᠬᠦᠷᠬᠦ ᠠᠭᠠᠷ ᠤᠨ ᠠᠶᠠᠯᠠᠯ ᠵᠢᠩᠬᠢᠨᠢ ᠪᠠᠷ ᠨᠡᠪᠳᠡᠷᠡᠭᠰᠡᠨ ᠢ ᠬᠠᠷᠠᠭᠤᠯᠤᠨ᠎ᠠ᠃      ︽ᠲᠤᠰ ᠡᠭᠡᠯᠵᠢ ᠶᠢᠨ ᠨᠢᠰᠭᠡᠯ ᠰᠢᠭᠤᠳ ᠷᠠᠰᠢᠶᠠᠨ ᠬᠤᠳᠠ ᠳᠤ ᠢᠷᠡᠭᠰᠡᠨ ᠨᠢ ᠲᠦᠢᠯ ᠤᠨ ᠠᠮᠠᠷᠬᠠᠨ᠂ ᠨᠢᠰᠭᠡᠯ ᠰᠤᠯᠢᠬᠤ ᠤᠴᠢᠷ ᠦᠭᠡᠢ ᠬᠤᠶᠠᠷ ᠴᠠᠭ ᠬᠡᠷᠡᠭᠰᠡᠪᠡᠯ ᠢᠷᠡᠴᠢᠬᠡᠨ᠎ᠠ᠃ ᠲᠠᠷᠠᠭᠠᠴᠢ ᠶᠢᠨ ᠬᠡᠳᠤᠨ ᠡᠳᠤᠷ ᠪᠢᠳᠠ ᠷᠠᠰᠢᠶᠠᠨ ᠤᠯᠤᠰ ᠤᠨ ᠲᠡᠰ ᠤᠨ ᠤᠢ ᠰᠢᠭᠤᠢ ᠶᠢᠨ ᠴᠡᠴᠡᠷᠯᠢᠭ᠂ ᠬᠠᠯᠠᠭᠤᠨ ᠷᠠᠰᠢᠶᠠᠨ ᠤ ᠮᠦᠽᠸᠢ ᠪᠠᠷ ᠵᠢᠭᠤᠯᠴᠢᠯᠠᠬᠤ ᠶᠢᠨ ᠬᠠᠮᠳᠤ ᠲᠤᠬᠠᠢ ᠶᠢᠨ ᠭᠠᠵᠠᠷ ᠤᠨ ᠠᠮᠳᠠᠳᠤ ᠢᠳᠡᠭᠡᠨ ᠢ ᠠᠮᠳᠠᠯᠠᠨ᠎ᠠ ᠁︾ ᠭᠡᠵᠤ ᠪᠡᠭᠡᠵᠢᠩ ᠠᠴᠠ ᠢᠷᠡᠭᠰᠡᠨ ᠵᠢᠭᠤᠯᠴᠢᠯᠠᠭᠴᠢ ᠬᠤᠸᠠᠩ ᠢ ᠰᠢ ᠪᠠᠶᠠᠷᠳᠠᠢ ᠶᠠᠷᠢᠨ᠎ᠠ᠃      ᠦᠨᠡᠨᠳᠡᠭᠡᠨ᠂ 2024 ᠤᠨ ᠳᠤ᠂ 576.6 ᠲᠦᠮᠡᠨ ᠬᠦᠮᠤᠨ ︵ᠤᠳᠠᠭ᠎ᠠ︶ ᠬᠤᠸᠠᠩ ᠢ ᠰᠢ ᠲᠠᠢ ᠠᠳᠠᠯᠢ ᠪᠠᠷ ᠷᠠᠰᠢᠶᠠᠨ ᠢᠶᠠᠷ ᠵᠢᠭᠤᠯᠴᠢᠯᠠᠨ ᠲᠤᠭᠤᠷᠢᠬᠤ ᠰᠤᠩᠭᠤᠯᠳᠠ ᠬᠢᠵᠤ᠂ ᠪᠦᠬᠦ ᠤᠯᠤᠰ ᠤᠨ ᠡᠯ᠎ᠠ ᠭᠠᠵᠠᠷ ᠤᠨ ᠵᠢᠭᠤᠯᠴᠢᠯᠠᠭᠴᠢᠳ ᠡᠨᠡᠬᠦ ᠲᠤᠮᠤᠭᠳᠤ ᠮᠡᠳᠤ ᠰᠠᠶᠢᠬᠠᠨ ᠦᠵᠡᠮᠵᠢ ᠲᠠᠢ ᠵᠢᠵᠢᠭ ᠬᠤᠳᠠ ᠳᠤ ᠢᠷᠡᠭᠰᠡᠨ ᠨᠢ ᠵᠢᠭᠤᠯᠴᠢᠯᠠᠭᠴᠢᠳ ᠤᠨ ᠲᠤᠭ᠎ᠠ ᠲᠠᠬᠢᠨᠳᠠ ᠲᠡᠥᠬᠡᠨ ᠰᠢᠨ᠎ᠠ ᠲᠡᠮᠳᠡᠭᠯᠡᠯ ᠢ ᠡᠬᠦᠳᠪᠠ᠃      ᠷᠠᠰᠢᠶᠠᠨ ᠬᠤᠳᠠ ᠨᠢ ᠵᠢᠭᠤᠯᠴᠢᠯᠠᠯ ᠤᠨ ᠬᠠᠯᠠᠭᠤᠷᠠᠯ ᠤᠷᠤᠨ ᠪᠤᠯᠤᠭᠰᠠᠨ ᠨᠢ ᠦᠵᠡᠰᠬᠦᠯᠡᠩᠳᠤ ᠰᠠᠶᠢᠬᠠᠨ ᠷᠢᠳᠢ ᠰᠢᠳᠢᠳᠤ ᠦᠵᠡᠮᠵᠢ ᠲᠠᠢ ᠠᠴᠠ ᠭᠠᠳᠠᠨ᠎ᠠ ᠨᠡᠩ ᠴᠤ ᠷᠠᠰᠢᠶᠠᠨ ᠬᠤᠳᠠ ᠶᠢᠨ ︽ᠠᠮᠢ ᠠᠬᠤᠢ ᠪᠠᠷ ᠬᠤᠳᠠ ᠪᠠᠨ ᠴᠤᠭᠴᠠᠯᠠᠨ᠂ ᠵᠢᠭᠤᠯᠴᠢᠯᠠᠯ ᠢᠶᠠᠷ ᠬᠤᠳᠠ ᠪᠠᠨ ᠬᠦᠴᠤᠷᠬᠡᠭᠵᠢᠬᠦᠯᠬᠦ︾ ᠪᠠᠷ ᠬᠠᠷᠠᠯᠳᠠ ᠪᠠᠨ ᠪᠤᠯᠭᠠᠭᠰᠠᠨ ᠳᠤ ᠪᠤᠢ᠃      2014 ᠤᠨ ᠳᠤ᠂ ᠰᠢ ᠶᠢᠨ ᠫᠢᠩ ᠶᠡᠷᠤᠩᠬᠡᠢ ᠱᠦᠵᠢ ᠷᠠᠰᠢᠶᠠᠨ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠭᠰᠠᠨ ᠨᠢ ︽ᠶᠠᠮᠠᠷ ᠴᠠᠭ ᠬᠤᠭᠤᠴᠠᠭ᠎ᠠ ᠪᠤᠯᠤᠭᠰᠠᠨ ᠴᠤ ᠪᠦᠷ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ᠂ ᠠᠮᠢ ᠠᠬᠤᠢ ᠶᠢ ᠰᠠᠶᠢᠳᠤᠷ ᠬᠠᠮᠠᠭᠠᠯᠠᠬᠤ ᠨᠢ ᠲᠠᠷᠤᠢ ᠬᠦᠭᠵᠢᠯᠳᠠ ᠪᠤᠯᠤᠨ᠎ᠠ︾ ᠭᠡᠪᠡ᠃ ᠠᠮᠢ ᠠᠬᠤᠢ ᠪᠤᠯ ᠷᠠᠰᠢᠶᠠᠨ ᠤ ᠲᠡᠪᠢᠰᠭᠡᠷ ᠦᠩᠭᠡ ᠪᠤᠯᠤᠨ᠎ᠠ᠃ ᠲᠤᠰ ᠬᠤᠳᠠ ᠨᠢ ︽ᠲᠡᠪᠢᠰᠭᠡᠷ ᠦᠩᠭᠡ ᠪᠠᠨ ᠰᠠᠶᠢᠳᠤᠷ ᠰᠠᠬᠢᠬᠤ ︾ ᠪᠠᠷ ᠰᠠᠭᠤᠷᠢ ᠪᠤᠯᠭᠠᠨ᠂ ᠲᠤᠤᠷ᠎ᠠ ᠨᠡᠬᠦᠷᠡᠰᠤᠳᠥ᠋ᠷᠥᠭᠴᠢᠳᠤ ᠡᠨᠧᠷᠬᠢ ᠠᠷᠪᠢᠯᠠᠬᠤ᠂ ᠪᠤᠬᠢᠷᠳᠤᠯ ᠦᠭᠡᠢ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠳᠠ ᠶᠢ ᠬᠦᠴᠤᠯᠡᠨ ᠡᠬᠦᠳᠴᠤ᠂ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠨ᠂ ᠠᠮᠢ ᠠᠬᠤᠢ ᠶᠢᠨ ᠠᠵᠤ ᠦᠢᠯᠡᠰᠵᠢᠯᠳᠠ ᠪᠠ ᠠᠵᠤ ᠦᠢᠯᠡᠰ ᠤᠨ ᠠᠮᠢ ᠠᠬᠤᠶᠢᠵᠢᠯᠳᠠ ᠪᠠᠷ ᠤᠳᠤᠷᠢᠳᠤᠮᠵᠢ ᠪᠤᠯᠭᠠᠨ᠂ ᠠᠮᠢ ᠠᠬᠤᠢ ᠶᠢᠨ ᠬᠠᠮᠠᠭᠠᠯᠠᠯᠳᠠ ᠶᠢ ᠪᠦᠳᠤᠭᠡᠨ ᠪᠠᠶᠢᠭᠤᠯᠬᠤ ᠪᠠᠷ ᠭᠤᠤᠯ ᠴᠤᠭᠴᠠ ᠪᠤᠯᠭᠠᠵᠤ᠂ ᠤᠷᠢᠳ ᠬᠤᠵᠢᠳ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶᠡᠴᠢ ᠤᠷᠤᠨ᠂ ︽ᠨᠢᠭᠡ ᠤᠷᠤᠨ ᠨᠢᠭᠡ ᠪᠦᠰᠠ︾ ᠶᠢᠨ ᠤᠯᠠᠨ ᠤᠯᠤᠰ ᠤᠨ ᠡᠷᠡᠬᠦᠯ ᠴᠢᠬᠢᠷᠠᠭ ᠵᠢᠭᠤᠯᠴᠢᠯᠠᠯ ᠤᠨ ᠬᠠᠷᠠᠯᠳᠠᠳᠤ ᠤᠷᠤᠨ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢᠨ ᠵᠢᠱᠢᠶᠡᠴᠢ ᠬᠤᠳᠠ᠂ ︽ᠬᠦᠬᠡᠮᠳᠥᠭ ᠨᠤᠭᠤᠭᠠᠨ ᠠᠭᠤᠯᠠ ᠤᠰᠤ ᠪᠤᠯ ᠳᠠᠷᠤᠢ ᠠᠯᠳᠠ ᠮᠦᠩᠬᠦᠨ ᠠᠭᠤᠯᠠ︾ ᠭᠡᠮᠡᠬᠦ ᠪᠤᠳᠠᠳᠤ ᠦᠢᠯᠡᠳᠤᠯᠭᠡ ᠶᠢᠨ ᠰᠢᠨ᠎ᠠ ᠶᠢ ᠡᠬᠦᠳᠬᠦ ᠰᠠᠭᠤᠷᠢᠨ ᠭᠠᠵᠠᠷ ᠵᠡᠷᠭᠡ ᠢᠷᠠᠭᠤ ᠠᠯᠳᠠᠷ ᠢ ᠬᠦᠷᠳᠡᠵᠤ ᠪᠢᠯᠠ᠃      ︽ᠷᠠᠰᠢᠶᠠᠨ ᠤ ᠪᠠᠶᠢᠭᠠᠯᠢ ᠶᠢᠨ ᠦᠵᠡᠮᠵᠢ ᠲᠦᠷᠪᠡᠨ ᠤᠯᠠᠷᠢᠯ ᠳᠤ ᠪᠦᠷ ᠭᠤᠶᠤᠬᠠᠨ︾ ︽ᠷᠠᠰᠢᠶᠠᠨ ᠤ ᠵᠢᠭᠤᠯᠴᠢᠯᠠᠯ ᠯᠠᠪᠳᠠᠢ ᠬᠦᠭᠵᠢᠵᠤ ᠲᠡᠶᠢᠯᠤᠨ᠎ᠠ︾ ᠭᠡᠵᠤ ᠰᠢ ᠶᠢᠨ ᠫᠢᠩ ᠶᠡᠷᠤᠩᠬᠡᠢ ᠱᠦᠵᠢ ᠶᠢᠨ ᠬᠦᠰᠡᠯ ᠨᠠᠶᠢᠳᠠᠯᠠᠭ᠎ᠠ ᠨᠢ ᠷᠠᠰᠢᠶᠠᠨ ᠬᠤᠳᠠ ᠶᠢᠨ ᠵᠢᠭᠤᠯᠴᠢᠯᠠᠯ ᠢ ᠬᠦᠭᠵᠢᠬᠦᠯᠬᠦ ᠵᠤᠷᠢᠭ ᠢ ᠨᠡᠩ ᠬᠦᠪᠴᠢᠯᠡᠪᠡ᠃ ᠷᠠᠰᠢᠶᠠᠨ ᠬᠤᠳᠠ ᠨᠢ ᠤᠨᠴᠠᠯᠢᠭᠳᠤ ᠪᠠᠶᠢᠷᠢᠰᠢᠯ ᠤᠨ ᠲᠠᠪᠠᠭᠤᠯᠢᠭ ᠪᠠ ᠲᠡᠭᠡᠳᠤ ᠲᠡᠭᠷᠢ ᠠᠴᠠ ᠰᠤᠶᠤᠷᠬᠠᠭᠰᠠᠨ ᠮᠦᠰᠤᠨ ᠴᠠᠰᠤᠨ ᠤ ᠡᠬᠢ ᠪᠠᠶᠠᠯᠢᠭ ᠲᠠᠭᠠᠨ ᠲᠦᠰᠢᠭᠯᠡᠨ᠂ 2024 — 2025 ᠤᠨ ᠤ ᠮᠦᠰᠤ ᠴᠠᠰᠤᠨ ᠤ ᠤᠯᠠᠷᠢᠯ ᠳᠤ ᠠᠷᠪᠠᠨ ᠶᠡᠭᠡ ᠡᠪᠤᠯ ᠤᠨ ᠤᠯᠠᠷᠢᠯ ᠤᠨ ᠭᠤᠤᠯᠯᠠᠭᠴᠢ ᠵᠢᠭᠤᠯᠴᠢᠯᠠᠯ ᠤᠨ ᠦᠢᠯᠡᠳᠬᠦᠨ᠂ ᠲᠦᠷᠪᠡᠨ ᠵᠤᠷᠪᠤᠰ ᠭᠤᠤᠯ ᠰᠡᠳᠤᠪᠳᠤ ᠵᠢᠭᠤᠯᠴᠢᠯᠠᠯ ᠤᠨ ᠱᠤᠭᠤᠮ ᠵᠢᠴᠢ ᠠᠷᠪᠠ ᠭᠠᠷᠤᠢ ᠲᠦᠷᠤᠯ ᠤᠨ ᠤᠷᠤᠯᠳᠤᠭᠠᠨ ᠢ ᠲᠤᠬᠢᠷᠠᠭᠤᠯᠵᠤ᠂ ᠷᠠᠰᠢᠶᠠᠨ ᠬᠤᠳᠠ ᠶᠢᠨ ᠡᠪᠤᠯ ᠤᠨ ᠤᠯᠠᠷᠢᠯ ᠤᠨ ᠡᠬᠢ ᠪᠠᠶᠠᠯᠢᠭ ᠪᠠ ᠤᠨᠴᠠᠯᠢᠭᠳᠤ ᠲᠦᠷᠤᠯ ᠵᠦᠢᠯ ᠢᠶᠠᠨ ᠪᠦᠬᠦ ᠲᠠᠯ᠎ᠠ ᠪᠠᠷ ᠲᠡᠯᠭᠡᠨ ᠦᠵᠡᠬᠦᠯᠵᠤ᠂ ᠡᠯ᠎ᠠ ᠭᠠᠵᠠᠷ ᠤᠨ ᠵᠢᠭᠤᠯᠴᠢᠯᠠᠭᠴᠢᠳ ᠨᠠᠭᠠᠳᠤᠮ ᠤᠨ ᠬᠤᠷᠠᠯ ᠤᠨ ᠤᠷᠤᠯᠳᠤᠭᠠᠨ ᠢ ᠰᠤᠨᠢᠷᠬᠠᠬᠤ᠂ ᠤᠶᠠᠩᠭᠠᠳᠤ ᠰᠠᠶᠢᠬᠠᠨ ᠲᠠᠭᠤᠥ ᠪᠦᠵᠢᠭ ᠰᠤᠨᠢᠷᠬᠠᠬᠤ᠂ ᠮᠦᠰᠤ ᠴᠠᠰᠤ ᠰᠤᠨᠢᠷᠬᠠᠬᠤ᠂ ᠮᠦᠰᠤ ᠴᠠᠰᠤᠨ ᠳᠤ ᠨᠠᠭᠠᠳᠬᠤ᠂ ᠬᠠᠯᠠᠭᠤᠨ ᠷᠠᠰᠢᠶᠠᠨ ᠳᠤ ᠪᠡᠶ᠎ᠠ ᠪᠠᠨ ᠰᠤᠪᠢᠯᠠᠬᠤ ᠵᠡᠷᠭᠡ ᠪᠠᠷ ᠷᠠᠰᠢᠶᠠᠨ ᠤ ᠡᠪᠤᠯ ᠤᠨ ᠤᠯᠠᠷᠢᠯ ᠤᠨ ᠵᠢᠭᠤᠯᠴᠢᠯᠠᠯ ᠢ ᠤᠯᠠᠮ ᠢᠶᠠᠷ ᠬᠦᠭᠵᠢᠶᠡᠨᠳᠠᠢ ᠪᠤᠯᠭᠠᠭᠰᠠᠨ ᠪᠠᠶᠢᠨ᠎ᠠ᠃      ᠤᠷᠴᠢᠮ ᠤᠨ ᠬᠡᠳᠤᠨ ᠵᠢᠯ ᠳᠤ᠂ ᠷᠠᠰᠢᠶᠠᠨ ᠬᠤᠳᠠ ᠲᠤᠳᠠᠭᠤᠳᠠᠯ ᠢᠶᠠᠨ ᠨᠦᠬᠦᠪᠤᠷᠢᠯᠡᠬᠦ᠂ ᠠᠵᠤ ᠦᠢᠯᠡᠰ ᠢᠶᠠᠨ ᠬᠦᠭᠵᠢᠬᠦᠯᠬᠦ᠂ ᠬᠡᠷᠡᠭᠯᠡᠭᠡ ᠶᠢ ᠠᠬᠢᠭᠤᠯᠬᠤ ᠲᠤᠭᠤᠷᠢᠨ ᠳᠤ ᠵᠢᠭᠤᠯᠴᠢᠯᠠᠯ ᠤᠨ ᠦᠢᠯᠡᠳᠬᠦᠨ ᠤ ᠰᠢᠰᠲᠤᠮ ᠢᠶᠠᠨ ᠲᠠᠰᠤᠷᠠᠯᠳᠠ ᠦᠭᠡᠢ ᠪᠠᠶᠠᠯᠢᠭᠵᠢᠭᠤᠯᠪᠠ᠃ ᠦᠩᠭᠡᠷᠡᠭᠰᠡᠨ ᠵᠢᠯ ᠳᠤ᠂ ᠷᠠᠰᠢᠶᠠᠨ ᠬᠤᠳᠠ 17.72 ᠳ᠋ᠥᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠤᠨ 12 ᠵᠢᠭᠤᠯᠴᠢᠯᠠᠯ ᠤᠨ ᠲᠦᠷᠤᠯ ᠵᠦᠢᠯ ᠢ ᠬᠡᠷᠡᠭᠵᠢᠬᠦᠯᠵᠤ᠂ ᠵᠢᠭᠤᠯᠴᠢᠯᠠᠯ ᠤᠨ ᠠᠵᠤ ᠦᠢᠯᠡᠰ ᠢᠶᠠᠨ ᠤᠯᠠᠮ ᠨᠢᠭᠡ ᠠᠯᠬᠤᠮ ᠲᠡᠰ ᠲᠡᠪᠰᠢᠬᠦᠯᠥᠭᠰᠡᠨ ᠪᠠᠶᠢᠨ᠎ᠠ᠃      2024 ᠤᠨ ᠳᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠤᠳᠤᠷᠢᠳᠤᠯᠭ᠎ᠠ ᠲᠤᠤᠷ᠎ᠠ᠂ ᠷᠠᠰᠢᠶᠠᠨ ᠬᠤᠳᠠ ᠬᠦᠰᠡᠯ ᠨᠠᠶᠢᠳᠠᠯᠭ᠎ᠠ ᠪᠠᠨ ᠪᠠᠳᠤ ᠴᠡᠭᠡᠵᠢᠯᠡᠨ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠤᠷᠤᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠨ ᠰᠡᠯᠡᠬᠦᠴᠡᠨ ᠠᠮᠠᠷᠠᠬᠤ ᠤᠷᠤᠨ ᠢ ᠠᠮᠵᠢᠯᠳᠠᠳᠠᠢ ᠡᠬᠦᠳᠤᠨ ᠪᠠᠶᠢᠭᠤᠯᠵᠤ᠂ ᠪᠦᠬᠦ ᠵᠢᠯ ᠳᠤ 576.6 ᠲᠦᠮᠡᠨ ᠬᠦᠮᠤᠨ ︵ᠤᠳᠠᠭ᠎ᠠ︶ ᠢ ᠬᠦᠯᠢᠶᠡᠨ ᠠᠪᠴᠤ᠂ 73.66 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠬᠦᠳᠴᠤ᠂ 2014 ᠤᠨ ᠤ ᠬᠢ ᠲᠠᠢ ᠠᠳᠠᠯᠢᠳᠬᠠᠪᠠᠯ ᠲᠤᠰᠪᠦᠷᠢ 191.42%᠂ 183.42% ᠪᠠᠷ ᠨᠡᠮᠡᠭᠳᠡᠨ᠂ ᠵᠢᠭᠤᠯᠴᠢᠯᠠᠯ ︽ᠨᠡᠩ ᠬᠦᠭᠵᠢᠶᠡᠨᠳᠠᠢ ᠪᠤᠯᠬᠤ︾ ᠰᠢᠨ᠎ᠠ ᠬᠠᠭᠤᠳᠠᠰᠤ ᠶᠢ ᠠᠮᠵᠢᠯᠳᠠᠳᠠᠢ ᠪᠢᠴᠢᠭᠯᠡᠭᠰᠡᠨ ᠪᠠᠶᠢᠨ᠎ᠠ᠃      2025 ᠤᠨ ᠳᠤ᠂ ᠷᠠᠰᠢᠶᠠᠨ ᠬᠤᠳᠠ 500 ᠲᠦᠮᠡᠨ ᠲᠦᠬᠦᠷᠢᠭ ᠠᠴᠠ ᠲᠡᠭᠡᠭᠰᠢ 64 ᠭᠤᠤᠯᠳᠠᠯᠭ᠎ᠠ ᠲᠠᠢ ᠲᠦᠷᠤᠯ ᠵᠦᠢᠯ ᠢ ᠬᠡᠷᠡᠭᠵᠢᠬᠦᠯᠬᠦ ᠪᠠᠷ ᠲᠦᠯᠤᠪᠯᠡᠵᠤ᠂ ᠶᠡᠷᠤᠩᠬᠡᠢ ᠪᠡᠯᠡ ᠤᠷᠤᠭᠤᠯᠤᠯᠳᠠ ᠨᠢ 76.1 ᠳ᠋ᠥᠩᠰᠢᠭᠤᠷ ᠲᠦᠬᠦᠷᠢᠭ ᠲᠤ ᠬᠦᠷᠤᠨ᠎ᠠ᠃ ᠡᠬᠦᠨ ᠳᠤ᠂ 17 ᠵᠢᠭᠤᠯᠴᠢᠯᠠᠯ ᠤᠨ ᠲᠦᠷᠤᠯ ᠵᠦᠢᠯ ᠤᠨ ᠶᠡᠷᠤᠩᠬᠡᠢ ᠪᠡᠯᠡ ᠤᠷᠤᠭᠤᠯᠤᠯᠳᠠ ᠨᠢ 21.8 ᠳ᠋ᠥᠩᠰᠢᠭᠤᠷ ᠲᠦᠬᠦᠷᠢᠭ ᠲᠤ ᠬᠦᠷᠴᠤ᠂ ᠡᠳᠡᠭᠡᠷ ᠵᠢᠭᠤᠯᠴᠢᠯᠠᠯ ᠤᠨ ᠲᠦᠷᠤᠯ ᠵᠦᠢᠯ ᠢᠶᠠᠷ ᠲᠠᠮᠵᠢᠨ ᠡᠯ᠎ᠠ ᠲᠦᠷᠤᠯ ᠤᠨ ᠡᠬᠢ ᠪᠠᠶᠠᠯᠢᠭ ᠤᠨ ᠡᠯᠧᠮᠧᠨ᠋ᠲ ᠢᠶᠠᠨ ᠨᠡᠶᠢᠳᠭᠡᠨ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠠᠵᠤ ᠦᠢᠯᠡᠰ ᠤᠨ ᠦᠷᠢᠰᠤᠯᠳᠤᠬᠦ ᠬᠦᠴᠤᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠤᠨ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠢᠳᠡᠪᠬᠢᠳᠠᠢ ᠡᠬᠦᠳᠴᠤ ᠪᠤᠢ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号