ᠷᠠᠰᠢᠶᠠᠨ ᠬᠤᠲᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠡᠯ ᠤᠨ ᠨᠡᠷᠡᠲᠦ ᠰᠢᠶᠠᠨ ᠢᠶᠠᠷ ᠦᠨᠡᠯᠡᠭᠳᠡᠪᠠ
ᠨᠡᠶᠢᠲᠡᠯᠡᠭᠰᠡᠨ ᠴᠠᠭ᠄
2025/6/30
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠵᠢᠭᠤᠯᠴᠢᠯᠠᠯ ᠤᠨ ᠨᠠᠷᠠᠲᠤ ᠰᠢᠶᠠᠨ ᠤ ᠨᠡᠷᠡᠰ ᠢ ᠵᠠᠷᠯᠠᠨ ᠨᠡᠶᠢᠲᠡᠯᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠷᠠᠲᠤ ᠰᠢᠶᠠᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠷᠠᠲᠤ ᠰᠢᠶᠠᠨ ᠤ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠷᠠᠲᠤ ᠰᠢᠶᠠᠨ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ᠃ ᠡᠭᠦᠨ ᠳᠤ᠂ ᠷᠠᠰᠢᠶᠠᠨ ᠬᠤᠳᠠ ᠡᠯᠪᠡᠭ ᠪᠠᠶᠠᠯᠢᠭ ᠰᠣᠶᠣᠯ ᠵᠢᠭᠤᠯᠴᠢᠯᠡᠯ ᠤᠨ ᠡᠬᠢ ᠪᠠᠶᠠᠯᠢᠭ ᠪᠣᠯᠤᠨ ᠰᠣᠶᠣᠯ ᠤᠨ ᠠᠭᠤᠯᠭ᠎ᠠ ᠪᠠᠷ ᠢᠶᠠᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠡᠯ ᠤᠨ ᠨᠡᠷᠡᠲᠦ ᠰᠢᠶᠠᠨ ᠢᠶᠠᠷ ᠦᠨᠡᠯᠡᠭᠳᠡᠪᠡ᠃      ᠷᠠᠰᠢᠶᠠᠨ ᠬᠤᠳᠠ ︽ᠳᠤᠮᠳᠠᠳᠤ ᠤᠯᠤᠰ ᠤᠨ ᠤᠢ ᠰᠢᠭᠤᠢ ᠶᠢᠨ ᠬᠦᠴᠢᠯᠲᠥ᠋ᠷᠥᠭᠴᠢ ᠶᠢᠨ ᠪᠠᠭᠠᠷ︾ ᠤᠨ ᠳᠠᠪᠠᠭᠤᠯᠢᠭ ᠲᠤ ᠰᠠᠭᠤᠷᠢᠯᠠᠵᠤ᠂ ᠠᠮᠢ ᠠᠬᠤᠢ ᠶᠢᠨ ᠵᠢᠭᠤᠯᠴᠢᠯᠡᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ 81.2% ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠭᠠᠯᠲᠤ ᠠᠭᠤᠯᠠ ᠶᠢᠨ ᠬᠠᠯᠠᠭᠤᠨ ᠷᠠᠰᠢᠶᠠᠨ ᠤ ᠡᠬᠢ ᠪᠠᠶᠠᠯᠢᠭ ᠲᠤ ᠪᠠᠨ ᠲᠦᠰᠢᠭᠯᠡᠨ᠂ ᠷᠠᠰᠢᠶᠠᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠵᠡᠷᠭᠡ ᠭᠤᠤᠯ ᠦᠵᠡᠮᠵᠢ ᠶᠢᠨ ᠣᠷᠣᠨ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠠᠢ᠃ ᠡᠭᠦᠨ ᠳᠤ᠂ ᠷᠠᠰᠢᠶᠠᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠨᠢ ᠲᠢᠶᠠᠨ ᡂᠢ᠂ ᠱᠢ ᠲᠠᠩ ᠯᠢᠨ᠂ ᠰᠠᠨ ᠲᠠᠨ ᠰᠢᠶᠠ ᠵᠡᠷᠭᠡ ᠦᠵᠡᠮᠵᠢ ᠶᠢ ᠡᠮᠬᠢᠯᠡᠨ ᠨᠡᠶᠢᠯᠡᠭᠦᠯᠵᠦ᠂ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠰᠤᠳᠤᠯᠭᠠᠨ᠂ ᠣᠶ ᠰᠢᠭᠤᠶ ᠶᠢᠨ ᠡᠷᠡᠭᠦᠯ ᠮᠡᠨᠳᠦ ᠶᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢᠨ ᠵᠢᠭᠤᠯᠴᠢᠯᠠᠯ ᠤᠨ ᠱᠤᠭᠤᠮ ᠢ ᠪᠣᠶ ᠪᠤᠯᠭᠠᠵᠦ᠂ ᠪᠠᠶᠢᠭᠠᠯᠢ ᠶᠢᠨ ᠳᠠᠪᠠᠭᠤᠯᠢᠭ ᠢ ᠵᠢᠭᠤᠯᠴᠢᠯᠡᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠠᠢ᠃      ᠷᠠᠰᠢᠶᠠᠨ ᠬᠤᠲᠠ ᠪᠠᠰᠠ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠬᠤ ᠶᠢ ᠪᠠᠷᠢᠮᠳᠠᠯᠠᠵᠦ᠂ ᠤᠨᠴᠠᠯᠢᠭᠳᠤ ᠰᠣᠳᠣᠨ ᠵᠠᠮ ᠱᠤᠭᠤᠮ ᠢ ᠭᠠᠷᠭᠠᠨ᠂ ᠷᠠᠰᠢᠶᠠᠨ ᠤ ᠤᠯᠤᠰ ᠤᠨ ᠲᠡᠰ ᠤᠨ ᠵᠢᠭᠤᠯᠴᠢᠯᠡᠯ ᠤᠨ ᠠᠮᠠᠷᠠᠯᠲᠠ ᠶᠢᠨ ᠣᠷᠣᠨ᠂ ᠯᠦ ᠵᠢᠶᠤᠤ ᠸᠠᠨ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠵᠡᠷᠭᠡ ᠰᠣᠶᠣᠯ ᠵᠢᠭᠤᠯᠴᠢᠯᠡᠯ ᠤᠨ ᠶᠡᠷᠦᠩᠬᠡᠢ ᠴᠣᠭᠴᠠ ᠶᠢ ᠪᠠᠶᠢᠭᠤᠯᠵᠤ᠂ ︽ᠢᠳᠡᠵᠦ ᠤᠤᠭᠤᠬᠤ ᠶᠠᠪᠤᠵᠤ ᠰᠠᠭᠤᠬᠤ ᠵᠢᠭᠤᠯᠴᠢᠯᠡᠨ ᠲᠣᠭᠤᠷᠢᠬᠤ ᠵᠤᠭ᠎ᠠ ᠴᠡᠩᠭᠡᠯ︾ ᠤᠨ ᠪᠦᠬᠦ ᠬᠡᠯᠬᠢᠶ᠎ᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠵᠠᠢ᠃ ᠡᠭᠦᠨ ᠤ ᠬᠠᠮᠲᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠪᠠ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠡᠯ᠎ᠠ ᠭᠠᠵᠠᠷ ᠤᠨ ᠵᠢᠭᠤᠯᠴᠢᠯᠠᠬᠴᠢᠳ ᠢ ᠲᠠᠳᠠᠬᠰᠠᠨ ᠪᠠᠶᠢᠨ᠎ᠠ᠃      ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠷᠠᠲᠤ ᠰᠢᠶᠠᠨ ᠢ ᠠᠮᠵᠢᠯᠲᠠ ᠲᠠᠢ ᠭᠥᠷᠳᠡᠭᠰᠡᠨ ᠳᠤ ᠥᠪᠡᠷᠲᠡᠭᠡᠨ ᠵᠠᠰᠠᠬᠤ ᠣᠷᠣᠨ ᠠᠴᠠ ᠪᠥᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠬᠦ ᠪᠤᠯᠦᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠠᠷᠠᠲᠤ ᠰᠢᠶᠠᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠰᠢᠶᠠᠨ ᠤ ᠬᠡᠪᠴᠢᠶᠡᠨ ᠳᠠᠬᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠨᠭ᠍ᠭᠠᠬᠤ ᠪᠤᠯᠦᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠠᠰᠠ ᠵᠢᠭᠤᠯᠴᠢᠯᠠᠯ ᠤᠨ ᠨᠡᠷᠡᠲᠦ ᠰᠢᠶᠠᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠳᠤ ᠡᠳ᠋ ᠤᠨ ᠵᠠᠰᠠᠭ ᠤᠨ ᠲᠡᠳᠬᠦᠨ ᠳᠡᠮᠵᠢᠬᠦ ᠪᠡᠯᠡ ᠮᠥᠩᠭᠦ ᠣᠯᠭᠤᠵᠤ᠂ ᠲᠥᠷᠥᠯ ᠵᠦᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ ᠰᠣᠶᠣᠯ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ᠂ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ᠂ ᠭᠠᠵᠠᠷ ᠬᠡᠷᠡᠭᠯᠡᠬᠦ ᠶᠢ ᠪᠠᠲᠤᠯᠠᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠣᠯᠠᠨ ᠵᠠᠩᠭᠢᠯᠠᠭ᠎ᠠ ᠶᠢᠨ ᠬᠦᠷᠢᠶᠡᠨ ᠳᠤ ᠬᠠᠤᠯᠢ ᠲᠣᠭᠲᠠᠭᠠᠯ ᠶᠣᠰᠣᠭᠠᠷ ᠬᠦᠴᠦᠲᠡᠶ ᠳᠡᠮᠵᠢᠯᠭᠡ ᠦᠵᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠵᠢᠭᠤᠯᠴᠢᠯᠠᠯ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠪᠣᠯᠤᠨ᠎ᠠ᠃ ︵ᠳᠠᠷᠬᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号