ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ  ᠣᠷᠣᠪᠡ
ᠨᠡᠶᠢᠲᠡᠯᠡᠭᠰᠡᠨ ᠴᠠᠭ᠄
2025/6/30
    6 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠭᠦᠸᠧ ᠶᠢᠩ ᠴᠢ ︽ᠪᠡᠶ᠎ᠡ ᠪᠠᠷ ᠢᠶᠠᠨ ᠬᠡᠪ ᠳᠦᠷᠢᠮ ᠦᠵᠡᠬᠦᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠣᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠳᠤᠮᠳᠠ ᠬᠤᠰᠢᠭᠤᠴᠢ ᠪᠡ ᠦᠯᠢᠭᠡᠷ ᠳᠠᠭᠤᠷᠢᠶᠠᠯ ᠪᠣᠯᠬᠤ︾ ᠭᠡᠬᠦ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ     ᠭᠦᠸᠧ ᠶᠢᠩ ᠴᠢ᠂ ᠨᠠᠮ ᠤᠨ ᠰᠤᠷᠲᠠᠯ ᠪᠣᠯ ᠨᠠᠮ ᠤᠨ ᠲᠦᠷᠢ ᠲᠦᠷᠬᠦ ᠶᠢ ᠢᠯᠠᠷᠡᠬᠦᠯᠵᠤ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠠᠵᠢᠭᠯᠠᠬᠤ᠂ ᠬᠥᠮᠦᠨ ᠤ ᠰᠡᠳᠬᠢᠯ ᠢ ᠤᠯᠵᠤ ᠬᠠᠷᠠᠬᠤ ᠬᠡᠮᠵᠢᠬᠦᠷ ᠮᠥᠨ᠃ ᠪᠦᠬᠦ ᠺᠠᠳ᠋ᠷᠴᠤᠳ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠬᠡᠷᠡᠭᠲᠡᠢ᠃ ︽ᠰᠤᠷᠣᠯᠴᠠᠵᠣ ᠪᠠᠶᠢᠴᠠᠭᠠᠵᠤ ᠥᠭᠡᠷᠡᠴᠢᠯᠡᠬᠦ︾ ᠬᠠᠪᠰᠤᠷᠤᠭᠴᠢ ᠶᠢᠨ ᠣᠶᠢᠯᠡᠳᠣᠯ ᠢ ᠰᠠᠶᠢᠲᠤᠷ ᠪᠠᠳᠡᠡᠷᠭᠤᠯᠣᠨ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠬᠡᠷᠡᠭᠲᠡᠶ ᠭᠡᠵᠡᠢ᠃    ᠭᠦᠸᠧ ᠶᠢᠩ ᠴᠢ᠂ ᠣᠪᠣᠷ ᠰᠤᠷᠲᠠᠯ ᠰᠠᠬᠢᠯᠭ᠎ᠠ ᠪᠠᠲᠤ ᠶᠢᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠺᠠᠳ᠋ᠷ ᠤᠨ ᠡᠩᠨᠡᠭᠡᠨ ᠤ ᠡᠷᠡᠭᠦᠯ ᠪᠤᠰᠤ ᠰᠤᠷᠲᠠᠯ ᠢ ᠴᠠᠭ ᠢᠮᠠᠭᠲᠠ ᠰᠡᠷᠡᠮᠵᠢᠯᠡᠬᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠣᠨ᠂ ᠳᠡᠭᠡᠷ᠎ᠡ ᠠᠴᠠ ᠳᠣᠷᠣᠭᠰᠢ ᠪᠠᠭᠤᠯᠭᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠭᠠᠵᠢᠭᠤ ᠰᠤᠷᠲᠠᠯ ᠢ ᠴᠢᠩᠭ᠎ᠠ ᠬᠤᠷᠢᠭᠯᠠᠬᠤ ᠬᠡᠷᠡᠭᠲᠡᠢ᠃ ᠪᠦᠬᠦ ᠨᠠᠮ ᠤᠨ ᠭᠡᠰᠢᠭᠦᠨ ᠺᠠᠳ᠋ᠷᠴᠣᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠠᠭᠠᠷᠠᠭᠰᠠᠨ ᠴᠢᠳᠠᠪᠤᠷᠢ ᠶᠢ  ᠪᠦᠷᠢᠯᠳᠣᠬᠦᠯᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠣ ᠴᠢᠬᠤᠯᠠᠴᠢᠯᠠᠵᠡᠢ᠃    ᠲᠣᠰ ᠤᠳᠠᠭᠠᠨ ᠤ ᠨᠠᠮ ᠤᠨ ᠬᠢᠴᠢᠶᠡᠯ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠬᠥᠮᠦᠵᠢᠯ ᠪᠠ ᠰᠡᠩᠬᠡᠷᠡᠭᠦᠯᠦᠯ ᠬᠦᠷᠲᠡᠭᠡᠪᠡ᠃ ᠤᠯᠠᠨ ᠢᠶᠠᠷ ᠢᠶᠠᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠯᠢᠳᠡᠭ ᠰᠠᠬᠢᠯᠭ᠎ᠠ ᠪᠠᠲᠤ ᠣᠪᠣᠷ ᠰᠤᠷᠲᠠᠯ ᠢᠶᠠᠷ ᠨᠠᠮ ᠪᠡ ᠠᠷᠠᠳ ᠲᠦᠮᠡᠨ ᠢ ᠨᠢᠭᠲᠠᠷᠠᠭᠤᠯᠵᠤ᠂ ᠦᠨᠳᠦᠰᠦᠨ ᠱᠠᠲᠤᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号