ᠶᠠᠩ ᠶᠦᠩ ᠵᠢᠦ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢᠨ ᠲᠣᠬᠠᠢ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2025/6/30
    6 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠭᠠᠵᠠᠷ —— ᠬᠤᠳᠡ ᠶᠢᠨ ᠯᠢᠨ ᠬᠠᠶ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ᠂ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠢᠶᠠᠷ ᠬᠦᠷᠴᠦ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠣᠯᠳᠡ ᠶᠢᠨ ᠲᠣᠬᠠᠢ ᠲᠣᠬᠠᠢ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠬᠰᠠᠨ ᠪᠦᠭᠡᠳ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠶᠠᠩ ᠶᠦᠩ ᠵᠢᠦ᠂ ᠣᠳᠣᠬᠠᠨ ᠳᠤ ᠰᠤᠷᠤᠯᠴᠠᠯᠭ᠎ᠠ ᠬᠥᠮᠦᠵᠢᠯ ᠶᠠᠭ ᠭᠦᠨᠵᠡᠭᠡᠶᠢᠷᠡᠨ ᠶᠠᠪᠣᠬᠳᠡᠵᠣ᠂ ᠠᠮᠵᠢᠯᠲᠠ ᠪᠦᠲᠦᠮᠵᠢ ᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠃ ᠵᠡᠭᠡᠯᠢ ᠨᠡᠶᠢᠭᠡᠮ ᠲᠣᠭᠤᠷᠢᠭ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ᠡᠷᠭᠢᠨ ᠬᠠᠷᠠᠬᠤ ᠠᠵᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠱᠠᠯᠠᠪᠳᠡᠭᠤᠯᠣᠨ ᠪᠠᠶᠢᠴᠠᠭᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠣᠨ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠬᠤᠯᠠ ᠠᠴᠠ ᠴᠢᠬᠤᠯᠠ ᠪᠣᠯᠭᠠᠵᠤ᠂ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠬᠤᠷᠢᠭᠯᠠᠨ ᠵᠣᠭᠰᠣᠭᠠᠵᠤ᠂  ᠱᠠᠳᠣ ᠱᠠᠳᠣ ᠪᠠᠷ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠨ᠂ ᠨᠠᠮ ᠤᠨ ᠭᠡᠰᠢᠭᠦᠨ ᠺᠠᠳ᠋ᠷᠴᠤᠳ ᠤᠨ ᠪᠤᠷᠤᠭᠤ ᠲᠠᠨᠢᠯᠲᠠ ᠶᠢ ᠦᠨᠡᠨ ᠬᠦ ᠵᠠᠯᠠᠷᠠᠭᠤᠯᠬᠤ ᠬᠡᠷᠡᠭᠲᠡᠢ᠃ ᠵᠡᠭᠡᠯᠢ ᠨᠡᠶᠢᠭᠡᠮ ᠲᠣᠭᠤᠷᠢᠭ ᠨᠢ ᠦᠨᠳᠦᠰᠦᠨ ᠱᠠᠲᠤᠨ ᠤ ᠠᠵᠢᠯ ᠤᠨ ᠡᠮᠦᠨ᠎ᠡ ᠹᠷᠣᠨᠲ ᠪᠣᠯᠤᠭᠰᠠᠨ ᠤ ᠬᠤᠪᠢ ᠳᠤ᠂ ᠤᠯᠠᠨ ᠲᠦᠮᠡᠨ ᠲᠠᠢ ᠬᠠᠷᠢᠯᠴᠠᠬᠤ᠂ ᠨᠠᠮ ᠤᠨ ᠲᠦᠷᠦ ᠶᠢᠨ ᠪᠤᠳᠤᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠬᠦᠯᠵᠤ ᠳᠡᠶᠢᠯᠬᠦ ᠡᠰᠡᠬᠦ ᠲᠠᠢ ᠰᠢᠭᠤᠳ ᠬᠤᠯᠪᠣᠭᠳᠠᠨ᠎ᠠ᠃ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠶᠢ ᠴᠢᠨᠠᠭᠰᠢᠳᠠ ᠰᠠᠶᠢᠲᠤᠷ ᠬᠢᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠨ᠂ ᠰᠤᠷᠤᠯᠴᠠᠯᠭ᠎ᠠ ᠬᠥᠮᠦᠵᠢᠯ ᠤᠨ ᠠᠵᠢᠯ ᠢ ᠤᠯᠠᠨ ᠲᠦᠮᠡᠨ ᠤ ᠪᠠᠴᠢᠮᠳᠠᠵᠤ ᠲᠦᠪᠡᠭᠳᠡᠵᠣ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠢᠶᠠᠷ ᠲᠣᠭᠲᠠᠭᠤᠨ ᠢ ᠬᠠᠮᠠᠭᠠᠯᠠᠬᠤ᠂ ᠵᠢᠭᠤᠯᠴᠢᠯᠠᠯ ᠢ ᠬᠥᠭᠵᠢᠭᠦᠯᠬᠦ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠠᠭᠤᠰᠤᠯᠴᠠᠭᠤᠯᠤᠨ ᠨᠡᠪᠲᠡᠷᠡᠭᠦᠯᠵᠦ ᠵᠣᠬᠢᠴᠠᠭᠤᠯᠤᠨ ᠠᠬᠢᠭᠤᠯᠵᠤ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ  ᠴᠢᠩᠭᠠᠳᠬᠠᠬᠤ︾ ᠬᠡᠷᠡᠭᠲᠡᠢ ᠭᠡᠪᠡ᠃    ᠬᠤᠳᠠ ᠶᠢᠨ ᠤᠳᠤᠷᠢᠳᠤᠯᠭ᠎ᠠ ᠲᠠᠢ ᠬᠠᠢ ᠹᠧᠩ᠂ ᠯᠦ ᠴᠢ ᠭᠦᠸᠧ᠂ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠬᠦᠨ᠂ ᠨᠠᠮ ᠤᠨ ᠭᠡᠰᠢᠭᠦᠨ ᠺᠠᠳ᠋ᠷ ᠨᠠᠷ ᠬᠤᠷᠡᠯ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号