6 ᠰᠠᠷ᠎ᠠ ᠶᠢᠨ 26 ᠤ ᠡᠳᠤᠷ᠂ ᠷᠡᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ | ᠲᠠᠷᠤᠭ᠎ᠠ ᠡᠷᠬᠢᠮᠳᠤ ᠷᠠᠰᠢᠶᠠᠨ ᠪᠤᠭᠤᠮᠳᠠ ᠪᠠᠷ ᠬᠦᠷᠴᠦ ᠤᠯᠤᠰ ᠤᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ | ᠤᠷᠤᠨ ᠢ ᠡᠭᠦᠳᠦᠨ ᠪᠠᠶᠢᠭᠤᠯᠬᠤ᠂ ᠪᠤᠭᠤᠮᠳᠠ ᠶᠢ ᠵᠢᠯ ᠲᠤᠷᠰᠢ ᠨᠡᠭᠡᠭᠡᠬᠦ ᠵᠡᠷᠭᠡ ᠭᠤᠤᠯᠳᠠᠯᠭ᠎ᠠ ᠲᠠᠢ ᠠᠵᠢᠯ ᠢ | ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠤᠯᠲᠠ ᠳᠤ᠂ ᠡᠷᠬᠢᠮᠲᠤ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠵᠢᠭᠤᠯᠴᠢᠯᠠᠯ ᠤᠨ ᠦᠢᠯᠡᠴᠢᠯᠡᠭᠡᠨ ᠤ ᠢᠵᠢ ᠪᠦᠷᠢᠯᠳᠣᠬᠦᠯᠬᠦ᠂ ᠬᠢᠯᠢ ᠪᠠᠷ ᠣᠷᠣᠵᠤ ᠭᠠᠷᠬᠤ ᠶᠡᠭᠡ | ᠲᠢᠩᠬᠢᠮ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ | ᠬᠢᠯᠢ ᠶᠢᠨ ᠰᠣᠶᠣᠯ ᠢ ᠪᠠᠶᠠᠴᠢᠯᠡᠨ ᠣᠶᠢᠯᠠᠭᠠᠯᠲᠠ ᠪᠠᠷ ᠭᠤᠣᠯ ᠪᠠᠶᠢᠷᠢ ᠲᠣᠭᠲᠠᠭᠠᠯᠲᠠ ᠪᠣᠯᠭᠠᠵᠤ᠂ ︽ᠨᠢᠭᠡ | ᠭᠤᠣᠯᠯᠠᠬᠴᠢ ᠪᠠᠷ ᠲᠠᠶᠢᠴᠢᠯᠡᠨ ᠳᠠᠭᠠᠭᠤᠯᠬᠤ᠂ ᠬᠤᠶᠠᠷ ᠵᠢᠭᠦᠷ ᠢᠶᠠᠷ ᠬᠤᠯᠪᠣᠭᠠᠯᠠᠨ ᠬᠥᠳᠡᠯᠦᠯᠴᠡᠬᠦ᠂ ᠭᠤᠷᠪᠠᠨ | ᠲᠤᠯᠭᠠᠭᠤᠷᠢᠯᠠᠯ ᠢᠶᠠᠷ ᠡᠨᠧᠷᠭᠢ ᠣᠯᠭᠤᠬᠤ︾ ᠵᠢᠭᠤᠯᠴᠢᠯᠠᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠰᠲ᠋ᠧᠮ ᠢ | ᠪᠠᠶᠢᠭᠤᠯᠵᠤ᠂ ᠵᠢᠭᠤᠯᠴᠢᠯᠠᠬᠴᠢᠳ ᠲᠤ ᠦᠢᠯᠡᠴᠢᠯᠡᠬᠦ ᠲᠥᠪ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ | ᠳᠡᠪᠰᠢᠭᠦᠯᠬᠦ ᠶᠢ ᠲᠦᠷᠭᠡᠳᠬᠡᠨ ᠠᠬᠢᠭᠤᠯᠣᠨ᠂ ᠪᠣᠭᠤᠮᠲᠠ ᠶᠢᠨ ᠡᠭᠦᠳᠡᠨ ᠲᠣᠭᠤᠷᠢᠭ ᠪᠣᠯᠤᠨ 1382 ᠦᠷᠳᠡᠭᠡ | ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠭᠦᠳᠬᠦ ᠶᠢ ᠭᠦᠨᠵᠡᠭᠡᠶᠢᠷᠡᠭᠦᠯᠵᠦ᠂ ᠤᠯᠤᠰ ᠤᠨ 4A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢ ᠪᠦᠬᠦ ᠬᠦᠴᠦᠨ ᠢᠶᠠᠷ ᠢᠶᠠᠨ | ᠪᠠᠶᠠᠯᠠᠬᠦᠯᠬᠦ ᠬᠡᠷᠡᠭᠲᠡᠢ᠃ ᠪᠣᠭᠤᠮᠲᠠ ᠶᠢᠨ ᠵᠢᠯ ᠲᠤᠷᠰᠢ ᠨᠡᠭᠡᠭᠡᠯᠲᠡ ᠬᠢᠵᠦ ᠰᠢᠯᠭᠠᠨ ᠠᠪᠬᠤ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠯᠦᠭᠡ ᠶᠢᠨ | ᠵᠣᠬᠢᠴᠠᠯᠳᠤᠨ ᠬᠤᠯᠪᠣᠭᠠᠯᠠᠵᠤ ᠬᠥᠳᠡᠯᠦᠯᠴᠡᠬᠦ ᠶᠢ ᠴᠢᠩᠭᠠᠳᠬᠠᠨ᠂ ᠡᠭᠦᠷᠭᠡ ᠶᠢᠨ ᠨᠠᠷᠢᠨ ᠬᠠᠭᠤᠳᠠᠰᠤ ᠶᠢ | ᠨᠠᠷᠢᠯᠢᠬᠵᠢᠭᠤᠯᠵᠤ᠂ ᠪᠠᠶᠢᠴᠠᠭᠠᠨ ᠰᠢᠯᠭᠠᠬᠤ ᠲᠥᠬᠦᠭᠡᠷᠦᠮᠵᠢ᠂ ᠪᠣᠭᠤᠮᠲᠠ ᠪᠠᠷ ᠥᠩᠭᠡᠷᠡᠬᠦ ᠮᠡᠳᠡᠭᠡ ᠵᠠᠩᠭᠢᠵᠢᠯᠲᠠ | ᠵᠡᠷᠭᠡ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠶᠠᠪᠣᠴᠠ ᠶᠢ | ᠳᠥᠭᠦᠮᠴᠢᠯᠡᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠠᠶᠢᠭᠤᠯᠬᠤ ᠳᠤ ᠷᠠᠰᠢᠶᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ |