ᠡᠷᠬᠢᠮᠲᠦ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/30
    6 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠦᠨᠳᠦᠰᠦᠨ ᠪᠠᠷᠢᠮᠵᠢᠶ᠎ᠠ ᠪᠣᠯᠭᠠᠵᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠥᠷᠢᠳᠦᠭᠦᠯᠬᠦ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠯᠠᠭᠤᠨ ᠷᠠᠰᠢᠶᠠᠨ ᠴᠠᠨ᠎ᠠ ᠶᠢᠨ ᠲᠠᠯᠠᠪᠠᠢ᠂ ᠬᠠᠯᠠᠭᠤᠨ ᠷᠠᠰᠢᠶᠠᠨ ᠤ ᠤᠰᠤ ᠶᠢ ᠬᠤᠳᠠ ᠶᠢᠨ ᠵᠣᠴᠢᠳ ᠤᠨ ᠪᠠᠭᠤᠳᠠᠯ ᠳᠤ ᠣᠷᠣᠭᠤᠯᠬᠤ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠲᠤᠯᠭᠠᠷᠠᠭᠰᠠᠨ ᠭᠠᠵᠠᠷ ᠰᠢᠷᠣᠢ᠂ ᠪᠡᠯᠡ ᠮᠥᠩᠭᠦ᠂ ᠬᠢᠨᠠᠨ ᠵᠥᠪᠰᠢᠶᠡᠷᠡᠬᠦ ᠵᠡᠷᠭᠡ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠠᠮᠤᠷ ᠲᠦᠪᠰᠢᠨ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠠᠬᠢᠭᠤᠯᠬᠤ ᠶᠢ ᠪᠠᠲᠤᠯᠠᠵᠤ᠂ ᠬᠤᠳᠠ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ᠳᠥᠷᠪᠡᠨ ᠣᠳᠣᠬᠢᠴᠢᠯᠠᠯᠲᠠ︾ ᠶᠢᠨ ᠠᠵᠢᠯ ᠢᠶᠠᠷ ᠭᠠᠷᠳᠠᠴᠠ ᠪᠣᠯᠭᠠᠵᠤ᠂ ᠬᠤᠲᠠ ᠶᠢᠨ ᠴᠢᠳᠠᠮᠵᠢ ᠶᠢᠨ ᠶᠠᠰᠤ ᠴᠢᠨᠠᠷ ᠪᠣᠯᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠦᠷᠭᠦᠯᠵᠢᠯᠡᠨ ᠳᠡᠭᠡᠭᠰᠢᠯᠡᠭᠦᠯᠵᠦ᠂ ᠷᠡᠰᠢᠶᠠᠨ ᠬᠤᠲᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠥᠮᠦᠨ ᠰᠣᠶᠣᠯ ᠤᠨ ᠷᠢᠳᠢ ᠰᠢᠳᠢ ᠶᠢ ᠢᠯᠡᠷᠡᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠶ ᠰᠠᠶᠢᠨ ᠰᠠᠶᠢᠬᠠᠨ ᠬᠦᠰᠡᠯ ᠡᠷᠡᠮᠡᠯᠵᠡᠯ ᠢ ᠦᠨᠡᠨ ᠬᠦ ᠪᠡᠶᠡᠯᠡᠭᠦᠯᠬᠦ ᠬᠤᠳᠡ ᠪᠣᠯᠭᠠᠬᠤ ᠬᠡᠷᠡᠭᠲᠡᠶ ᠬᠡᠵᠣ ᠴᠢᠬᠤᠯᠠᠴᠢᠯᠠᠵᠡᠢ᠃    ᠬᠤᠷᠠᠯ ᠤᠨ ᠳᠠᠷᠠᠭ᠎ᠠ ᠪᠠᠰᠠ ᠱᠦᠢ ᠹᠠ ᠪᠦᠯᠦᠭᠯᠡᠯ ᠤᠨ ᠬᠠᠮᠢᠶ᠎ᠠ ᠪᠦᠬᠦᠢ ᠶᠠᠪᠤᠳᠠᠯ ᠢ ᠲᠤᠰᠬᠠᠢ ᠰᠤᠳᠤᠯᠤᠨ ᠰᠢᠢᠳᠪᠦᠷᠢᠯᠡᠪᠡ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号