6 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ 2025 ᠣᠨ ᠤ 6 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠ ᠤᠷᠲᠤ ᠬᠤᠭᠤᠴᠠᠭᠠᠨ ᠤ | ᠲᠥᠯᠥᠪᠵᠢᠭᠦᠯᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠪᠣᠯ ᠮᠠᠨ ᠤ ᠨᠠᠮ ᠤᠨ ᠲᠦᠷᠦ ᠶᠢ | ᠵᠠᠰᠠᠵᠤ ᠵᠠᠰᠠᠭ ᠢ ᠡᠷᠬᠢᠯᠡᠬᠦ ᠨᠢᠭᠡ ᠵᠦᠢᠯ ᠤᠨ ᠴᠢᠬᠤᠯᠠ ᠠᠷᠭ᠎ᠠ ᠬᠡᠯᠪᠡᠷᠢ ᠮᠥᠨ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠶᠠᠪᠤᠴᠠ ᠳᠠᠬᠢ | ᠪᠠᠭᠤᠷᠠᠶ ᠭᠤᠭᠴᠤᠭ᠎ᠠ ᠶᠢ ᠨᠠᠷᠢᠨ ᠬᠢᠨᠠᠮᠠᠭᠠᠶ ᠰᠤᠳᠤᠯᠤᠨ ᠵᠠᠳᠠᠯᠵᠤ᠂ ᠠᠮᠵᠢᠯᠲᠠ ᠣᠯᠤᠭᠰᠠᠨ ᠲᠤᠷᠰᠢᠯᠭ᠎ᠠ ᠪᠠᠨ ᠪᠥᠬᠦ | ᠲᠠᠯ᠎ᠠ ᠪᠠᠷ ᠡᠮᠬᠢᠯᠡᠨ ᠳ᠋ᠦᠩᠨᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠡᠯ᠎ᠡ ᠲᠥᠷᠥᠯ ᠤᠨ | ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠪᠠ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠨᠢᠭᠲᠠ ᠠᠩᠬᠠᠷᠴᠤ᠂ ᠨᠠᠩ ᠣᠯᠠᠨ ᠲᠥᠷᠥᠯ ᠵᠦᠢᠯ ᠢ | ᠤᠯᠤᠰ᠂ ᠥᠪᠡᠷᠲᠡᠭᠡᠨ ᠵᠠᠰᠠᠬᠤ ᠣᠷᠣᠨ ᠤ ᠬᠦᠷᠢᠶ᠎ᠠ ᠬᠡᠪᠴᠢᠶᠠᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠵᠤᠤ ᠯᠧ ᠵᠢᠢ ᠬᠤᠷᠢᠶᠠᠨ ᠳᠠᠷᠤᠭ᠎ᠠ ᠶᠢᠨ ᠦᠪᠦᠷ ᠮᠤᠩᠭᠤᠯ ᠳᠤ ᠪᠠᠶᠢᠴᠠᠭᠠᠨ ᠰᠤᠳᠤᠯᠤᠯᠳᠠ ᠬᠢᠭᠦ | ᠪᠠ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠦᠷᠨᠢᠬᠦᠯᠬᠦ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠤᠢ ᠰᠢᠭᠤᠢ ᠶᠢᠨ ᠬᠠᠤᠯᠢ ᠶᠢ ᠲᠤᠭᠤᠰᠢᠯᠠᠭᠤᠯᠤᠨ ᠭᠡᠷᠡᠭᠵᠢᠬᠦᠯᠬᠦ ᠶᠢ ᠨᠠᠷᠢᠨ ᠬᠢᠨᠠᠮᠠᠭᠠᠢ | ᠰᠠᠶᠢᠳᠤᠷ ᠠᠳᠬᠤᠨ᠂ ᠤᠢ ᠰᠢᠭᠤᠢ ᠨᠤᠳᠤᠭ ᠪᠡᠯᠴᠢᠭᠡᠷ ᠤᠨ ᠲᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠤᠢ ᠶᠢᠨ ᠬᠤᠷᠮᠣᠢ ᠳᠠᠬᠢ ᠠᠵᠤ ᠠᠬᠤᠢ ᠶᠢ | ᠬᠦᠭᠵᠢᠭᠦᠯᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠨᠡᠩ ᠪᠠᠬᠢᠵᠢᠬᠦᠯᠬᠦ ᠬᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠬᠤᠳᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ | ᠴᠤᠬᠴᠠᠵᠢᠭᠤᠯᠤᠬᠰᠠᠨ ᠦᠢᠯᠡᠴᠢᠯᠡᠭᠡᠨ ᠤ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠲᠤᠰ ᠲᠦᠷᠦᠯ ᠵᠦᠢᠯ ᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠩᠨᠡᠭᠡ ᠶᠢᠨ ᠲᠤᠰᠬᠠᠢ ᠮᠡᠷᠭᠡᠵᠢᠯ ᠤᠨ ᠲᠦᠷᠢ ᠲᠥᠷᠬᠦ ᠶᠢ ᠢᠯᠡᠳᠲᠡ | ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠮᠠᠰᠢᠨᠴᠢᠯᠠᠭᠰᠠᠨ ᠠᠵᠢᠯ ᠤᠨ ᠪᠦᠷᠬᠦᠴᠡ ᠶᠢᠨ ᠬᠡᠪᠴᠢᠶ᠎ᠡ ᠶᠢ | ᠥᠷᠭᠡᠳᠬᠡᠨ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠦᠷᠳᠡᠭ ᠵᠢᠴᠢ ᠡᠳ᠋ ᠤᠨ | ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠪᠦᠲᠦᠮᠵᠢᠲᠡᠢ ᠪᠠᠭᠤᠷᠠᠭᠤᠯᠵᠤ᠂ ᠬᠤᠳᠠ ᠶᠢᠨ ᠶᠠᠪᠤᠳᠠᠯ ᠤᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠨᠡᠶᠢᠭᠡᠮ ᠤᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ | ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |