6 ᠰᠠᠷ᠎ᠠ ᠶᠢᠨ 27 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 102 ᠳ᠋ᠤᠭᠠᠷ ᠤᠳᠠᠭ᠎ᠠ ᠶᠢᠨ ᠬᠤᠷᠠᠯ ᠢ | ᠬᠤᠷᠠᠯᠳᠤᠭᠤᠯᠪᠡ᠃ ᠬᠤᠷᠡᠯ ᠲᠡᠭᠡᠷ᠎ᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ | ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ | ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠪᠡ᠃ | ᠬᠤᠷᠠᠯ ᠠᠴᠠ ᠵᠤᠤ ᠯᠧ ᠵᠢᠢ ᠬᠤᠷᠢᠶᠠᠨ ᠳᠠᠷᠤᠭ᠎ᠠ ᠶᠢᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ | ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠤᠢ ᠰᠢᠭᠤᠢ ᠶᠢᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ | ᠬᠦ ᠰᠠᠶᠢᠲᠤᠷ ᠠᠳᠬᠤᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠶᠢᠨ ᠠᠵᠢᠯ ᠵᠡᠷᠭᠡ ᠶᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ | ᠤᠢ ᠰᠢᠭᠤᠢ ᠨᠣᠳᠤᠭ ᠪᠡᠯᠴᠢᠭᠡᠷ ᠢ ᠡᠪᠳᠡᠵᠣ ᠰᠣᠶᠢᠳᠭᠡᠭᠰᠠᠨ ᠬᠦᠨᠳᠦ ᠨᠣᠴᠢᠲᠠᠢ ᠨᠡᠶᠢᠲᠡᠯᠢᠭ ᠬᠡᠷᠡᠭ ᠤᠨ | ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠡᠷᠡᠰ ᠪᠣᠳᠠᠲᠠᠢ ᠠᠳᠬᠤᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠤᠷᠪᠤᠰ ᠳᠠᠷᠠᠭᠠᠯᠠᠨ ᠴᠠᠭ ᠤᠨ ᠬᠦᠰᠦᠨᠦᠭᠲᠦ ᠪᠡ | ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠤᠳᠤ ᠶᠢᠨ ᠠᠰᠠᠭᠤᠳᠠᠯ ᠢ ᠲᠤᠭᠤᠰᠢᠳᠡᠢ ᠰᠢᠢᠳᠪᠦᠷᠢᠯᠡᠵᠦ᠂ | ᠲᠠᠬᠢᠨ ᠰᠢᠨ᠎ᠡ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠵᠡᠢ᠃ | ᠬᠤᠷᠠᠯ ᠠᠴᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠣᠬᠠᠢ ᠮᠡᠳᠡᠭᠦᠯᠦᠯᠲᠡ ᠪᠣᠯᠤᠨ ᠬᠤᠳᠠ ᠶᠢᠨ ᠲᠦᠷᠪᠡᠨ ᠶᠡᠭᠡ | ᠣᠳᠣᠷᠢᠳᠬᠤ ᠪᠠᠭ ᠤᠨ ᠰᠤᠷᠤᠯᠴᠠᠯᠭ᠎ᠠ ᠬᠥᠮᠦᠵᠢᠯ ᠤᠨ ᠠᠰᠠᠭᠤᠳᠠᠯ ᠢ ᠪᠠᠶᠢᠴᠠᠭᠠᠨ ᠢᠯᠡᠷᠡᠬᠦᠯᠬᠦ ᠨᠠᠷᠢᠨ ᠲᠠᠩᠰᠠ᠂ | ᠣᠳᠣᠷᠢᠳᠬᠤ ᠪᠠᠭ ᠤᠨ ᠪᠦᠷᠢᠯᠳᠦᠬᠦᠨ ᠠᠰᠠᠭᠤᠳᠠᠯ ᠢ ᠪᠠᠶᠢᠴᠠᠭᠠᠨ ᠢᠯᠡᠷᠡᠬᠦᠯᠬᠦ ᠨᠠᠷᠢᠨ ᠲᠠᠩᠰᠠ᠂ ᠲᠥᠪᠯᠡᠷᠡᠭᠦᠯᠦᠨ | ᠴᠡᠭᠴᠡᠯᠡᠨ ᠵᠠᠰᠠᠬᠤ ᠲᠦᠷᠦᠯ ᠵᠦᠢᠯ ᠤᠨ ᠡᠬᠡ ᠲᠠᠩᠰᠠ ᠶᠢ ᠰᠤᠳᠤᠯᠤᠨ ᠬᠢᠨᠠᠨ ᠵᠥᠪᠯᠡᠵᠦ᠂ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ᠳᠡᠭᠡᠭᠰᠢ ᠪᠠᠨ ᠵᠣᠯᠭᠠᠭᠤᠯᠬᠤ ᠶᠢ ᠴᠢᠩᠭᠠᠳᠬᠠᠵᠤ᠂ ︽ | ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠦᠨᠡᠨ | ᠬᠦ ᠥᠭᠡᠷᠡᠴᠢᠯᠡᠨ ᠪᠣᠳᠠᠲᠠᠢ ᠰᠠᠶᠢᠵᠢᠷᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠨᠢ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ | ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠠᠰᠠᠭᠤᠳᠠᠯ ᠤᠨ ᠨᠠᠷᠢᠨ ᠲᠠᠩᠰᠠ ᠪᠣᠯᠤᠨ ᠲᠥᠪᠯᠡᠷᠡᠭᠦᠯᠦᠨ | ᠴᠡᠭᠴᠡᠯᠡᠨ ᠵᠠᠰᠠᠬᠤ ᠲᠦᠷᠦᠯ ᠵᠦᠢᠯ ᠤᠨ ᠡᠬᠡ ᠲᠠᠩᠰᠠ ᠲᠠᠢ ᠬᠠᠷᠢᠴᠠᠭᠤᠯᠤᠨ ᠦᠨᠡᠨ ᠬᠦ ᠪᠠᠶᠢᠴᠠᠭᠠᠨ ᠳᠣᠲᠣᠯᠠᠵᠤ᠂ | ᠦᠨᠡᠨ ᠬᠦ ᠬᠢᠲᠤᠭᠠᠨ ᠢᠷ ᠢ ᠳᠣᠲᠣᠭᠰᠢ ᠬᠠᠨᠳᠤᠭᠤᠯᠬᠤ ᠰᠥᠰᠥ ᠵᠣᠷᠢᠭ ᠢᠶᠠᠷ ᠪᠠᠶᠢᠴᠠᠭᠠᠬᠤ ᠡᠷᠴᠢᠮ ᠲᠠᠢ᠂ | ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠣᠭᠤᠴᠢᠨ ᠪᠠᠶᠢᠴᠠᠭᠠᠬᠤ᠂ ᠦᠨᠡᠯᠡᠨ | ᠵᠢᠱᠢᠵᠦ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ᠂ | ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠭᠡᠶᠢᠯᠡᠵᠦ᠂ ᠰᠤᠷᠤᠯᠴᠠᠯᠭ᠎ᠠ ᠬᠥᠮᠦᠵᠢᠯ ᠤᠨ | ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠷᠠᠰᠢᠶᠠᠨ ᠬᠤᠲᠠ ᠪᠠᠯᠭᠠᠰᠤ ᠵᠡᠭᠡᠯᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠵᠦᠢᠯᠡᠰ ᠤᠨ ᠨᠠᠷᠢᠨ ᠲᠠᠩᠰᠠ︾ ᠶᠢ ᠰᠤᠳᠤᠯᠤᠨ ᠬᠢᠨᠠᠨ ᠵᠥᠪᠯᠡᠵᠦ᠂ ᠦᠵᠡᠯ ᠤᠬᠠᠮᠰᠠᠷ ᠤᠨ ᠬᠡᠯᠪᠡᠷᠢ᠂ ᠦᠵᠡᠯ | ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ | ᠪᠤᠰᠤᠳ ᠵᠦᠢᠯᠡᠰ ᠢ ᠰᠤᠳᠤᠯᠵᠠᠢ᠃ |