ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠤᠨ ︽2025 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠭᠡᠯ ᠡᠭᠦᠷᠭᠡ ᠶᠢ | ᠪᠠᠬᠢᠵᠢᠭᠦᠯᠣᠨ ᠵᠣᠯᠭᠠᠭᠤᠯᠬᠤ ᠪᠡᠯᠡ ᠮᠥᠩᠭᠦ ᠶᠢᠨ ᠲᠥᠰᠥᠪ ᠤᠨ ᠬᠡᠷᠡᠭᠴᠡᠭᠡ ᠱᠠᠭᠠᠷᠳᠠᠯᠭ᠎ᠠ ᠶᠢ ᠲᠡᠭᠡᠭᠰᠢ ᠮᠠᠳᠡᠬᠦᠯᠬᠦ | ᠲᠣᠬᠠᠢ ᠮᠡᠳᠡᠭᠳᠡᠯ︾ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠯᠭᠠᠭᠤᠯᠬᠤ | ᠪᠠᠯᠠ ᠮᠥᠩᠭᠦ ᠶᠢᠨ ᠦᠷ᠎ᠡ ᠪᠦᠲᠦᠮᠵᠢ ᠶᠢ ᠦᠨᠡᠨ ᠬᠦ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠡᠷᠦᠬᠡ ︵ | ᠬᠢᠨᠠᠨ ᠬᠡᠮᠵᠢᠬᠦ ᠡᠷᠦᠬᠡ︶ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠶᠢᠨ ᠲᠦᠯᠣᠭᠡ᠂ ᠷᠠᠰᠢᠶᠠᠨ ᠬᠤᠲᠠ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠬᠠᠷᠠᠯᠲᠠ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠢᠳᠡᠪᠬᠢᠲᠡᠢ | ᠴᠤᠤᠷᠢᠶᠠᠲᠤᠨ ᠲᠠᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠶᠢᠨ ᠬᠢᠲᠠᠳ | ᠡᠪᠡᠰᠦᠨ ᠡᠮ ᠲᠠᠷᠢᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠢᠲᠠᠳ ᠡᠪᠡᠰᠦᠨ ᠡᠮ ᠤᠨ ᠠᠵᠤ ᠦᠢᠯᠡᠰ ᠤᠨ | ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠠᠵᠤ ᠦᠢᠯᠡᠰᠵᠢᠭᠰᠡᠨ ᠲᠡᠰᠢ ᠬᠥᠭᠵᠢᠬᠦᠯᠬᠦ ᠶᠢ ᠠᠬᠢᠭᠤᠯᠣᠨ᠎ᠠ᠃ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠪᠠᠷ ᠭᠤᠣᠯ ᠪᠣᠯᠭᠠᠵᠤ᠂ ᠵᠠᠬ᠎ᠠ | ᠳᠡᠯᠭᠡᠭᠦᠷᠴᠢᠯᠡᠬᠦ᠂ ᠣᠨᠴᠠᠯᠢᠭᠵᠢᠭᠤᠯᠬᠤ᠂ ᠲᠦᠷᠦᠯ ᠲᠡᠮᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠲᠦᠷᠦᠯ | ᠵᠦᠢᠯ ᠢ ᠡᠷᠦᠭᠡ ᠳᠤ ᠬᠦᠷᠭᠡᠬᠦ᠂ ᠬᠤᠪᠢ ᠬᠥᠮᠦᠨ ᠳᠤ ᠨᠢ ᠬᠦᠷᠲᠡᠯ᠎ᠡ ᠲᠡᠳᠬᠦᠬᠦ ᠵᠠᠷᠴᠢᠮ ᠢ ᠵᠢᠷᠤᠮᠯᠠᠵᠤ᠂ | ᠲᠦᠷᠦ ᠶᠢᠨ ᠪᠤᠳᠤᠯᠭ᠎ᠠ ᠪᠠᠷ ᠲᠠᠮᠵᠢᠨ ᠲᠡᠳᠬᠦᠵᠤ᠂ ᠬᠢᠲᠠᠳ ᠡᠪᠡᠰᠦᠨ ᠡᠮ ᠲᠠᠷᠢᠬᠤ ᠬᠡᠪᠴᠢᠶ᠎ᠡ ᠶᠢ ᠥᠷᠭᠡᠳᠬᠡᠨ᠂ | ᠲᠠᠷᠢᠮᠠᠯ ᠤᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠵᠦ᠂ ᠬᠢᠲᠠᠳ ᠡᠪᠡᠰᠦᠨ ᠡᠮ ᠤᠨ ᠠᠵᠤ | ᠦᠢᠯᠡᠰ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠵᠤ ᠠᠬᠤᠢ ᠶᠢ | ᠬᠥᠭᠵᠢᠭᠦᠯᠬᠦ ᠶᠢᠨ ᠴᠢᠬᠤᠯᠠ ᠲᠤᠯᠭᠠᠭᠤᠷᠢ ᠠᠵᠤ ᠦᠢᠯᠡᠰ ᠪᠣᠯᠭᠠᠨ᠎ᠠ᠃ | ᠬᠤᠶᠠᠷ᠂ ᠠᠷᠠᠳ ᠲᠦᠮᠡᠨ ᠳᠤ ᠠᠰᠢᠭᠲᠠᠢ ᠲᠠᠯ᠎ᠠ | 1. ᠣᠷᠣᠯᠭ᠎ᠠ ᠶᠢ ᠰᠢᠭᠤᠳ ᠨᠡᠮᠡᠭᠳᠡᠭᠦᠯᠦᠨ᠎ᠡ᠄ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ | ᠡᠷᠦᠬᠡ︶ ᠬᠢᠲᠠᠳ ᠡᠪᠡᠰᠦᠨ ᠡᠮ ᠳᠠᠷᠢᠬᠤ ᠳᠤ ᠪᠡᠯᠡ ᠮᠥᠩᠭᠦ ᠶᠢᠨ ᠨᠥᠬᠦᠪᠥᠷᠢ ᠣᠯᠵᠤ᠂ ᠲᠠᠷᠢᠮᠠᠯ ᠤᠨ ᠥᠪᠡᠷ ᠤᠨ | ᠥᠷᠲᠡᠭ ᠢ ᠪᠠᠭᠤᠷᠠᠭᠤᠯᠬᠤ ᠶᠢᠨ ᠬᠠᠮᠲᠤ ᠬᠢᠲᠠᠳ ᠡᠪᠡᠰᠦᠨ ᠡᠮ ᠢ ᠪᠣᠷᠣᠯᠠᠭᠤᠯᠤᠭᠰᠠᠨ ᠤ ᠳᠠᠷᠠᠭ᠎ᠠ ᠡᠵᠡᠩᠨᠡᠯᠲᠡ ᠶᠢᠨ | ᠴᠢᠨᠠᠷᠲᠠᠶ ᠣᠷᠣᠯᠭ᠎ᠠ ᠲᠠᠢ ᠪᠠᠶᠢᠵᠣ᠂ ︽ᠨᠥᠬᠦᠪᠥᠷᠢ + ᠪᠣᠷᠣᠯᠠᠭᠤᠯᠬᠤ︾ ᠬᠤᠤᠰ ᠠᠰᠢᠭ ᠣᠷᠣᠯᠭ᠎ᠠ ᠶᠢ | ᠪᠡᠶᠡᠯᠡᠭᠦᠯᠦᠨ᠎ᠡ᠃ | 2. ᠠᠯᠤᠰ ᠬᠡᠲᠦ ᠶᠢᠨ ᠠᠵᠤ ᠦᠢᠯᠡᠰ ᠤᠨ ᠬᠥᠭᠵᠢᠯᠲᠡ ᠲᠠᠢ᠄ ᠬᠢᠲᠠᠳ ᠡᠪᠡᠰᠦᠨ ᠡᠮ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠵᠤ᠂ ᠨᠠᠩ ᠣᠯᠠᠨ ᠡᠬᠢ ᠪᠠᠶᠠᠯᠢᠭ ᠤᠨ ᠣᠷᠣᠭᠤᠯᠤᠯᠲᠠ ᠶᠢ ᠲᠠᠲᠠᠨ | ᠣᠷᠣᠭᠤᠯᠵᠤ᠂ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠣᠨ᠂ ᠢᠷᠡᠭᠡᠳᠦᠶ ᠳᠤ ᠨᠠᠩ ᠣᠯᠠᠨ ᠠᠵᠢᠯ | ᠣᠯᠭᠤᠯᠲᠠ᠂ ᠬᠠᠮᠲᠤᠷᠠᠯᠴᠠᠭᠠᠨ ᠤ ᠲᠣᠬᠢᠶᠠᠯ ᠬᠠᠩᠭᠠᠨ᠂ ᠠᠷᠠᠳ ᠣᠯᠠᠨ ᠳᠤ ᠠᠵᠤ ᠦᠢᠯᠡᠰ ᠤᠨ ᠬᠥᠭᠵᠢᠯᠲᠡ ᠳᠤ | ᠦᠷᠭᠦᠯᠵᠢᠯᠡᠨ ᠠᠰᠢᠭ ᠬᠦᠷᠲᠡᠭᠡᠨ᠎ᠠ᠃ | 3. ᠮᠡᠷᠭᠡᠵᠢᠯ ᠪᠠ ᠡᠬᠢ ᠪᠠᠶᠠᠯᠢᠭ ᠤᠨ ᠳᠡᠮᠵᠢᠯᠭᠡ ᠬᠠᠩᠭᠠᠨ᠎ᠠ᠄ ᠲᠠᠷᠢᠬᠤ ᠶᠠᠪᠤᠴᠠ ᠳᠤ᠂ ᠲᠤᠰᠬᠠᠶ | ᠮᠡᠷᠭᠡᠵᠢᠯ ᠤᠨ ᠰᠠᠯᠠᠭ᠎ᠠ ᠮᠥᠴᠢᠷ ᠠᠴᠠ ᠲᠤᠬᠠᠶᠢᠯᠠᠭᠰᠠᠨ ᠠᠵᠢᠯ ᠪᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠣ᠂ | ᠪᠠᠰᠠ ᠪᠥᠬᠦ ᠬᠤᠲᠠ ᠶᠢᠨ ᠭᠤᠣᠯᠳᠠᠭ᠎ᠠ ᠲᠠᠢ ᠬᠦᠭᠵᠢᠬᠦᠯᠬᠦ ᠬᠢᠲᠠᠳ ᠡᠪᠡᠰᠦᠨ ᠡᠮ ᠤᠨ ᠭᠠᠷᠴᠠᠭ ᠢᠶᠠᠷ ᠯᠠᠪᠯᠠᠯᠲᠠ | ᠪᠣᠯᠭᠠᠨ ᠲᠥᠷᠥᠯ ᠵᠦᠢᠯ ᠢ ᠰᠢᠯᠢᠵᠣ ᠰᠣᠩᠭᠤᠵᠣ᠂ ᠲᠠᠷᠢᠵᠣ ᠣᠷᠭᠤᠭᠤᠯᠬᠤ ᠲᠦᠭᠰᠢᠭᠦᠷᠢ ᠶᠢ ᠪᠠᠭᠤᠷᠠᠭᠤᠯᠤᠨ᠎ᠠ᠃ | ᠭᠤᠷᠪᠠ᠂ ᠵᠠᠩᠭᠢᠯᠠᠭ᠎ᠠ ᠶᠢᠨ ᠨᠡᠷᠡᠰ ᠤᠨ ᠲᠠᠶᠢᠯᠪᠤᠷᠢ | 1. ᠵᠣᠯᠭᠠᠭᠤᠯᠬᠤ ᠪᠠᠯᠠ ᠮᠥᠩᠭᠦ᠄ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠳᠣᠯᠣᠬᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠳᠤ ᠬᠡᠷᠡᠭᠯᠡᠬᠦ ᠲᠤᠰᠬᠠᠶ ᠪᠠᠯᠠ ᠮᠥᠩᠭᠦ ᠶᠢ ᠵᠢᠭᠠᠵᠤ ᠪᠣᠶ᠂ ᠡᠨᠡ ᠨᠢ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠠᠵᠤ ᠣᠶᠢᠯᠡᠰ ᠢ ᠬᠥᠭᠵᠢᠭᠦᠯᠬᠦ ᠶᠢ ᠳᠡᠮᠵᠢᠵᠤ᠂ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠣᠨ᠎ᠠ᠃ | 2. ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦᠨ᠎ᠠ᠄ ᠲᠤᠬᠠᠶᠢᠯᠠᠪᠠᠯ ᠶᠠᠳᠠᠭᠤ ᠠᠴᠠ | ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠰᠡᠨ ᠡᠷᠦᠬᠡ︶ ᠤᠷᠢᠳᠠᠪᠠᠷ ᠥᠪᠡᠰᠦᠪᠡᠨ ᠬᠢᠲᠠᠳ ᠡᠪᠡᠰᠦᠨ ᠡᠮ ᠳᠠᠷᠢᠬᠤ | ᠠᠵᠢᠯ ᠢ ᠬᠢᠵᠣ ᠂ ᠳᠠᠷᠢᠵᠤ ᠪᠠᠷᠡᠬᠰᠠᠨ ᠤ ᠲᠠᠷᠠᠭ᠎ᠠ ᠰᠢᠯᠭᠠᠨ ᠪᠠᠶᠢᠴᠠᠭᠠᠯᠳᠡ ᠶᠢ ᠦᠩᠭᠡᠷᠡᠭᠡᠵᠣ᠂ ᠳᠠᠬᠢᠨ | ᠲᠣᠭᠲᠠᠭᠠᠭᠰᠠᠨ ᠪᠠᠷᠢᠮᠵᠢᠶ᠎ᠠ ᠶᠣᠰᠣᠭᠠᠷ ᠵᠣᠬᠢᠴᠠᠩᠭᠤᠶ ᠪᠠᠯᠠ ᠮᠥᠩᠭᠦ ᠶᠢᠨ ᠨᠥᠬᠦᠪᠥᠷᠢ ᠣᠯᠭᠤᠨ᠎ᠠ᠃ | ᠳᠥᠷᠪᠡ᠂ ᠱᠠᠩᠨᠠᠵᠤ ᠨᠥᠬᠦᠪᠦᠷᠢ ᠦᠭᠬᠦ ᠪᠠᠷᠢᠮᠵᠢᠶ᠎ᠠ | ᠲᠠᠷᠢᠮᠠᠯ ᠤᠨ ᠥᠪᠡᠷ ᠤᠨ ᠥᠷᠲᠡᠭ ᠤᠨ 80% ᠤᠨ ᠲᠣᠳᠣᠷ᠎ᠡ ᠨᠥᠬᠦᠪᠥᠷᠢ ᠥᠭᠴᠦ᠂ ᠡᠷᠦᠬᠡ ᠪᠦᠷᠢ ᠳᠤ | ᠬᠠᠮᠤᠭ ᠤᠨ ᠥᠨᠳᠥᠷ ᠲᠡᠭᠡᠨ 3 ᠲᠦᠮᠡᠨ ᠲᠥᠭᠦᠷᠢᠭ᠂ ᠲᠣᠰ ᠵᠢᠯ ᠤᠨ 9 ᠰᠠᠷ᠎ᠠ ᠶᠢᠨ 30 ᠤ ᠡᠳᠦᠷ ᠠᠴᠠ ᠡᠮᠦᠨ᠎ᠡ | ᠲᠠᠷᠢᠵᠣ ᠣᠷᠭᠤᠭᠤᠯᠬᠤ ᠶᠢ ᠪᠡᠶᠡᠯᠡᠭᠦᠯᠦᠨ᠎ᠡ᠃ | ᠲᠠᠪᠤ᠂ ᠬᠡᠷᠡᠭᠵᠢᠭᠦᠯᠬᠦ ᠶᠠᠪᠣᠴᠠ | 1. ᠡᠷᠣᠭᠡ ᠭᠤᠶᠣᠴᠢᠯᠠᠨ᠎ᠠ→ ᠲᠣᠰᠬᠤᠨ ᠭᠤᠶᠤᠴᠢᠯᠠᠨ ᠮᠡᠳᠡᠭᠦᠯᠵᠤ 5 ᠡᠳᠦᠷ ᠢᠯᠡ ᠨᠠᠶᠢᠳᠡᠯᠡᠨ᠎ᠠ→ | ᠪᠠᠯᠭᠠᠰᠤ ᠬᠢᠨᠠᠨ ᠬᠠᠷᠭᠤᠭᠤᠯᠵᠤ 5 ᠡᠳᠦᠷ ᠢᠯᠡ ᠨᠠᠶᠢᠳᠡᠯᠡᠨ᠎ᠠ→ ᠪᠠᠯᠭᠠᠰᠤ ᠠᠴᠠ ᠲᠠᠷᠢᠬᠤ ᠶᠢ ᠵᠢᠭᠠᠨ | ᠵᠢᠯᠣᠭᠤᠳᠣᠨ᠎ᠠ→ ᠲᠣᠰᠬᠤᠨ ᠠᠴᠠ 8 ᠰᠠᠷ᠎ᠡ ᠶᠢᠨ ᠰᠠᠬᠦᠯᠴᠢ ᠪᠠᠷ ᠠᠩᠬᠠᠨ ᠤ ᠰᠢᠯᠭᠠᠨ ᠪᠠᠶᠢᠴᠠᠭᠠᠯᠳᠡ ᠬᠢᠨ᠎ᠠ → | ᠪᠠᠯᠭᠠᠰᠣ ᠠᠴᠠ 5 ᠡᠳᠣᠷ ᠲᠤ ᠬᠢᠨᠠᠨ ᠬᠠᠷᠭᠤᠭᠤᠯᠵᠤ ᠢᠯᠡ ᠨᠠᠶᠢᠳᠡᠯᠡᠨ᠎ᠠ→ ᠬᠤᠲᠠ ᠠᠴᠠ 30% ᠶᠢᠨ | ᠬᠠᠷᠢᠴᠠᠯ ᠢᠶᠠᠷ ᠰᠢᠯᠭᠠᠨ ᠰᠣᠩᠭᠤᠵᠣ᠂ ᠪᠠᠶᠢᠴᠠᠭᠠᠯᠳᠡ ᠶᠢ ᠥᠩᠭᠡᠷᠡᠭᠡᠭᠰᠡᠨ ᠤ ᠳᠠᠷᠠᠭ᠎ᠠ ᠨᠥᠬᠦᠪᠥᠷᠢ ᠣᠯᠭᠤᠨ᠎ᠠ᠃ | 2. ᠬᠥᠳᠡᠯᠮᠦᠷᠢ ᠬᠦᠴᠦ ᠦᠭᠡᠶ ᠡᠷᠦᠬᠡ ᠪᠣᠰᠣᠳ ᠢᠶᠠᠷ ᠲᠠᠷᠢᠭᠤᠯᠵᠤ ᠪᠣᠯᠣᠨ᠎ᠠ᠂ ᠨᠥᠬᠦᠪᠥᠷᠢ ᠮᠦᠩᠬᠦ ᠶᠢ ᠨᠢ | ᠣᠣᠯ ᠤᠨ ᠡᠵᠡᠨ ᠳᠤᠨᠢ ᠣᠯᠭᠤᠨ᠎ᠠ᠂ ᠭᠠᠵᠡᠷ ᠰᠢᠷᠣᠢ ᠪᠠᠨ ᠲᠦᠷᠢᠶᠠᠰᠣᠯᠡᠬᠦᠯᠥᠭᠰᠠᠨ ᠭᠡᠷ᠎ᠡ ᠪᠠᠶᠢᠬᠤ ᠭᠡᠷᠡᠭᠳᠡᠢ᠃ | ᠵᠢᠷᠭᠤᠭ᠎ᠠ᠂ ᠠᠷᠡᠳ ᠲᠦᠮᠡᠨ ᠲᠥᠷᠥ ᠶᠢᠨ ᠪᠣᠳᠣᠯᠭ᠎ᠠ ᠶᠢ ᠬᠡᠷᠬᠢᠨ ᠬᠡᠷᠡᠭᠯᠡᠬᠦ ᠲᠣᠬᠠᠢ | 1. ᠲᠦᠷᠣ ᠶᠢᠨ ᠪᠣᠳᠣᠯᠭ᠎ᠠ ᠶᠢ ᠣᠶᠢᠯᠠᠭᠠᠨ᠎ᠠ᠄ ᠲᠣᠰᠬᠤᠨ ︵ᠨᠡᠶᠢᠭᠡᠮ ᠲᠣᠭᠤᠷᠢᠭ︶ ᠤ ᠷᠠᠳᠢᠣ᠋ ᠨᠡᠪᠲᠡᠷᠡᠭᠦᠯᠭᠡ᠂ | ᠸᠢᠴᠠᠲ ᠪᠦᠯᠦᠭ ᠤᠨ ᠰᠣᠷᠠᠭ ᠵᠠᠩᠬᠢ ᠶᠢ ᠠᠩᠬᠠᠷᠴᠤ᠂ ᠤᠬᠠᠭᠤᠯᠭ᠎ᠠ ᠶᠢᠨ ᠬᠠᠭᠤᠳᠠᠰᠤ ᠶᠢ ᠪᠠᠶᠢᠴᠠᠭᠠᠨ ᠦᠵᠡᠬᠦ | ᠪᠤᠶᠤ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠨ ᠠᠴᠠ ᠠᠰᠠᠭᠤᠨ ᠯᠠᠪᠯᠠᠵᠤ᠂ ᠱᠠᠩᠨᠠᠵᠤ ᠨᠥᠬᠦᠪᠦᠷᠢᠯᠡᠬᠦ | ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠪᠥᠬᠦ ᠲᠠᠯ᠎ᠠ ᠪᠠᠷ ᠣᠶᠢᠯᠭᠠᠨ᠎ᠠ᠃ | 2. ᠳᠠᠷᠢᠵᠣ ᠣᠷᠭᠤᠭᠤᠯᠬᠤ ᠰᠠᠨᠠᠮᠵᠢ ᠶᠢ ᠲᠣᠭᠲᠠᠭᠠᠨ᠎ᠠ᠄ ᠪᠥᠬᠦ ᠬᠤᠲᠠ ᠶᠢᠨ ᠭᠤᠣᠯᠳᠡᠯᠭ᠎ᠠ ᠲᠠᠢ ᠬᠦᠭᠵᠢᠬᠦᠯᠬᠦ | ᠬᠢᠲᠠᠳ ᠡᠪᠡᠰᠦᠨ ᠡᠮ ᠤᠨ ᠭᠠᠷᠴᠠᠭ ᠢᠶᠠᠷ ᠯᠠᠪᠯᠠᠯᠲᠠ ᠪᠣᠯᠭᠠᠵᠤ᠂ ᠥᠪᠡᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠢᠲᠠᠳ ᠡᠪᠡᠰᠦᠨ ᠡᠮ ᠤᠨ ᠲᠥᠷᠥᠯ ᠵᠦᠢᠯ ᠪᠠ ᠳᠠᠷᠢᠬᠤ ᠬᠡᠪᠴᠢᠶ᠎ᠡ ᠶᠢ ᠲᠣᠭᠲᠠᠭᠠᠨ᠎ᠠ᠃ | 3. ᠭᠤᠶᠣᠴᠢᠯᠠᠯ ᠲᠦᠰᠢᠶᠠᠨᠠ᠄ ︽ᠬᠢᠲᠠᠳ ᠡᠪᠡᠰᠦᠨ ᠡᠮ ᠳᠠᠷᠢᠵᠣ ᠣᠷᠭᠤᠭᠤᠯᠬᠤ ᠵᠣᠷᠢᠯᠭ᠎ᠠ ᠶᠢᠨ | ᠬᠦᠰᠦᠨᠦᠭᠲᠦ︾ ᠶᠢ ᠲᠠᠭᠯᠠᠵᠤ᠂ ᠲᠣᠰᠬᠤᠨ ︵ᠨᠡᠶᠢᠭᠡᠮ ᠲᠣᠭᠤᠷᠢᠭ︶ ᠤ ᠵᠥᠪᠯᠡᠯ ᠳᠤ ᠳᠠᠷᠢᠵᠣ ᠣᠷᠭᠤᠭᠤᠯᠬᠤ | ᠭᠤᠶᠤᠴᠢᠯᠠᠯ ᠢᠶᠠᠨ ᠲᠣᠰᠢᠶᠠᠨ᠎ᠠ᠃ | 4. ᠳᠠᠷᠢᠵᠣ ᠣᠷᠭᠤᠭᠤᠯᠣᠨᠠ᠄ ᠳᠠᠷᠢᠵᠣ ᠣᠷᠭᠤᠭᠤᠯᠬᠤ ᠱᠠᠭᠠᠷᠳᠠᠯᠭ᠎ᠠ ᠪᠠ ᠮᠡᠷᠭᠡᠵᠢᠯ ᠤᠨ ᠵᠢᠯᠣᠭᠤᠳᠣᠯᠭ᠎ᠠ | ᠶᠣᠰᠣᠭᠠᠷ᠂ ᠥᠪᠡᠰᠦᠪᠡᠨ ᠳᠠᠷᠢᠵᠣ ᠣᠷᠭᠤᠭᠤᠯᠬᠤ ᠠᠵᠢᠯ ᠢ ᠬᠢᠨ᠎ᠠ᠃ ᠬᠥᠳᠡᠯᠮᠦᠷᠢ ᠬᠦᠴᠦ ᠦᠭᠡᠶ ᠬᠡᠷ ᠪᠦᠯᠢ᠂ | ᠪᠣᠰᠣᠳ ᠢᠶᠠᠷ ᠨᠠᠶᠢᠳᠡᠨ ᠲᠠᠷᠢᠭᠤᠯᠵᠣ ᠣᠷᠣᠯᠠᠨ ᠳᠠᠷᠢᠵᠣ ᠣᠷᠣᠯᠠᠨ ᠬᠠᠮᠢᠶᠠᠷᠬᠤ ᠤᠴᠢᠷ ᠶᠠᠪᠤᠳᠠᠯ ᠢ ᠰᠠᠶᠢᠲᠤᠷ | ᠵᠥᠪᠳᠡᠯᠴᠠᠨᠠ᠃ ᠭᠠᠵᠠᠷ ᠰᠢᠷᠣᠶ ᠲᠦᠷᠢᠶᠡᠰᠦᠯᠡᠵᠦ ᠲᠠᠷᠢᠭᠰᠠᠨ ᠪᠣᠯ ᠭᠠᠵᠠᠷ ᠰᠢᠷᠣᠶ ᠲᠦᠷᠢᠶᠡᠰᠦᠯᠡᠬᠦ | ᠵᠥᠪᠳᠡᠯᠴᠡᠬᠡᠷ ᠢ ᠰᠠᠶᠢᠲᠤᠷ ᠲᠣᠭᠲᠠᠭᠠᠬᠤ ᠬᠡᠷᠡᠭᠲᠡᠶ᠃ | 5. ᠰᠢᠯᠭᠠᠨ ᠪᠠᠶᠢᠴᠠᠭᠠᠯᠳᠡ ᠶᠢ ᠬᠠᠮᠵᠢᠯᠴᠠᠨ᠎ᠠ᠄ ᠲᠠᠷᠢᠵᠣ ᠪᠠᠷᠡᠬᠰᠠᠨ ᠤ ᠳᠠᠷᠠᠭ᠎ᠠ᠂ ᠲᠣᠰᠬᠤᠨ ︵ᠨᠡᠶᠢᠭᠡᠮ | ᠲᠣᠭᠤᠷᠢᠭ︶ ᠪᠣᠯᠤᠨ ᠪᠠᠯᠭᠠᠰᠤᠨ ᠤ ᠰᠢᠯᠭᠠᠨ ᠪᠠᠶᠢᠴᠠᠭᠠᠯᠳᠡ ᠶᠢ ᠬᠠᠮᠵᠢᠯᠴᠠᠨ᠂ ᠨᠥᠬᠦᠪᠥᠷᠢ ᠮᠦᠩᠬᠦ ᠦᠭᠬᠦ ᠶᠢ | ᠬᠦᠯᠢᠶᠡᠨ᠎ᠡ᠃ | ᠲᠣᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠨᠡᠶᠢᠲᠡᠯᠡᠵᠦ᠂ ᠬᠡᠷᠪᠡ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠣᠶᠢᠯᠠᠭᠠᠬᠤ ᠴᠢᠬᠤᠯᠠᠳᠡᠢ ᠪᠣᠯ ᠪᠦᠷᠢᠨ ᠪᠦᠲᠦᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠪᠠᠶᠢᠴᠠᠭᠠᠨ ᠦᠵᠡᠬᠦ ᠪᠤᠶᠤ ᠠᠰᠠᠭᠤᠨ ᠯᠠᠪᠯᠠᠬᠤ ᠤᠲᠠᠰᠤ ᠪᠠᠷ | ᠠᠰᠠᠭᠤᠨ ᠯᠠᠪᠯᠠᠵᠣ ᠪᠣᠯᠣᠨ᠎ᠠ᠃ | ᠠᠰᠠᠭᠤᠨ ᠯᠠᠪᠯᠠᠬᠤ ᠤᠲᠠᠰᠤ᠄ 0482 - 7123203 ᠪᠣᠯᠣᠨ᠎ᠠ᠃ | ᠠᠰᠠᠭᠤᠨ ᠯᠠᠪᠯᠠᠬᠤ ᠬᠠᠶ᠋ᠢᠭ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ | ᠲᠠᠪᠬᠤᠷᠯᠢᠭ ᠤᠨ 410 ᠠᠯᠪᠠᠨ ᠭᠡᠷ |