ᠣᠮᠠᠷᠡᠳᠣ ᠬᠢᠯᠢ ᠶᠢᠨ ᠰᠣᠶᠣᠯ —— ᠬᠢᠩᠭᠠᠨ ᠠᠶᠢᠮᠠᠬ ᠤᠨ ᠠᠩᠬᠠᠳᠤᠭᠠᠷ ᠬᠤᠭᠤᠴᠠᠭᠠᠨ ᠤ ︽ᠡᠬᠦᠯᠡᠨ ᠴᠡᠩᠭᠡᠷ ᠬᠠᠩᠭᠠᠢ︾ ᠬᠤᠨᠳᠠᠭᠠᠳᠤ ᠮᠠᠯᠴᠢᠨ ᠲᠠᠷᠢᠶᠠᠴᠢᠨ ᠤ ᠢᠷᠠᠭᠤ ᠨᠠᠶᠢᠷᠠᠬ ᠤᠨ ᠨᠠᠭᠠᠳᠤᠮ ᠠᠮᠵᠢᠯᠳᠠᠳᠠᠢ ᠦᠨᠳᠦᠷᠯᠡᠪᠡ
ᠨᠡᠶᠢᠲᠡᠯᠡᠭᠰᠡᠨ ᠴᠠᠭ᠄
2025/6/30
                        ● ᠰᠤᠷᠪᠤᠯᠵᠢᠯᠠᠬᠴᠢ ᠤ · ᠲᠠᠮᠢᠷ      ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨ ᠬᠦᠨᠵᠡᠬᠡᠢ ᠲᠤᠭᠤᠰᠢᠯᠠᠭᠤᠯᠤᠨ᠂ ᠦᠪᠡᠷᠳᠡᠭᠡᠨ ᠵᠠᠰᠠᠬᠤ ᠤᠷᠤᠨ ᠤ ︽ᠤᠮᠠᠷᠠᠳᠤ ᠬᠢᠯᠢ ᠶᠢᠨ ᠰᠤᠶᠤᠯ︾ ᠤᠨ ᠨᠡᠷᠡᠳᠦ ᠲᠡᠮᠳᠡᠭ ᠢ ᠠᠯᠳᠠᠷᠰᠢᠭᠤᠯᠤᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠤ᠂ ᠬᠢᠩᠭᠠᠨ ᠠᠶᠢᠮᠠᠭ ᠤᠨ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠤᠬᠠᠭᠤᠯᠭ᠎ᠠ ᠰᠤᠷᠳᠠᠯᠴᠢᠯᠠᠭ᠎ᠠ ᠬᠢᠬᠦ ᠶᠢᠨ ᠲᠦᠯᠦᠭᠡ ᠶᠠᠪᠤᠭᠳᠠᠭᠤᠯᠤᠬᠰᠠᠨ ᠬᠢᠩᠭᠠᠨ ᠠᠶᠢᠮᠠᠬ ᠤᠨ ᠠᠩᠬᠠᠳᠤᠭᠠᠷ ᠬᠤᠭᠤᠴᠠᠭᠠᠨ ᠤ ︽ᠡᠬᠦᠯᠡᠨ ᠴᠡᠩᠭᠡᠷ ᠬᠠᠩᠭᠠᠢ︾ ᠬᠤᠨᠳᠠᠭᠠᠳᠤ ᠮᠠᠯᠴᠢᠨ ᠲᠠᠷᠢᠶᠠᠴᠢᠨ ᠤ ᠢᠷᠠᠭᠤ ᠨᠠᠶᠢᠷᠠᠬ ᠤᠨ ᠨᠠᠭᠠᠳᠤᠮ ᠠᠶᠢᠷᠠᠬ ᠤᠨ ᠦᠨᠦᠷ ᠲᠠᠢ ᠲᠠᠯ᠎ᠠ ᠳᠤ ᠨᠠᠶᠢᠷᠠᠬ ᠤᠨ ᠡᠭᠡᠰᠢᠭ ᠤᠶᠠᠩᠭᠠᠷᠠᠬᠰᠠᠨ ᠨᠠᠯᠠᠭᠠᠷ ᠵᠤᠨ ᠤ ᠨᠠᠶᠢᠷᠳᠠᠢ ᠰᠠᠶᠢᠬᠠᠨ ᠤᠯᠠᠷᠢᠯ ᠳᠤ ᠢᠳᠡ ᠬᠦᠭ ᠲᠠᠢ ᠶᠠᠪᠤᠬᠳᠠᠵᠤ ᠠᠮᠵᠢᠯᠳᠠ ᠲᠠᠢ ᠦᠨᠳᠦᠷᠯᠡᠪᠠ᠃ ᠲᠤᠰ ᠤᠳᠠᠭᠠᠨ ᠤ ᠮᠠᠯᠴᠢᠨ ᠲᠠᠷᠢᠶᠠᠴᠢᠨ ᠤ ᠢᠷᠠᠭᠤ ᠨᠠᠶᠢᠷᠠᠬ ᠤᠨ ᠨᠠᠭᠠᠳᠤᠮ ᠢ ᠠᠶᠢᠮᠠᠬ ᠤᠨ ᠤᠳᠬ᠎ᠠ ᠤᠷᠠᠯᠢᠬ ᠤᠨ ᠬᠢᠨ ᠤ ᠬᠤᠯᠪᠤᠭ᠎ᠠ᠂ ᠠᠶᠢᠮᠠᠬ ᠤᠨ ᠵᠤᠬᠢᠶᠠᠯᠴᠢᠳ ᠤᠨ ᠡᠪᠯᠡᠯ ᠠᠴᠠ ᠵᠤᠬᠢᠶᠠᠨ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ ᠤᠯᠠᠭᠠᠨᠮᠤᠳᠤ ᠰᠤᠮᠤ ᠶᠢᠨ ᠤᠯᠤᠰᠤᠳᠠᠢ ᠭᠠᠴᠠᠭ᠎ᠠ ᠶᠢᠨ ᠤᠤᠭᠠᠯ ᠰᠤᠶᠤᠯ ᠳᠠᠭᠠᠨ ᠬᠠᠶᠢᠷᠠᠳᠠᠢ ᠮᠠᠯᠴᠢᠨ᠂ ᠦᠪᠦᠷ ᠮᠤᠩᠭᠤᠯ ᠤᠨ ᠤᠯᠠᠭᠠᠨᠮᠤᠳᠤ ᠬᠠᠩᠭᠠᠢ ᠲᠠᠯ᠎ᠠ ᠨᠤᠳᠤᠬ ᠤᠯᠠᠭᠠᠨ ᠢᠳᠡᠭᠡᠨ ᠤ ᠬᠢᠵᠠᠭᠠᠷᠳᠤ ᠺᠤᠮᠫᠠᠨᠢ ᠶᠢᠨ ᠲᠠᠭᠠᠭᠠᠮᠠᠯ ᠱᠤᠸᠠᠩ ᠾᠧ ᠠᠪᠤᠭᠠᠢ ᠠᠴᠠ ᠢᠪᠡᠭᠡᠨ ᠲᠡᠳᠬᠦᠵᠤ ᠶᠠᠪᠤᠬᠳᠠᠭᠤᠯᠤᠬᠰᠠᠨ ᠶᠤᠮ᠃      ᠬᠢᠩᠭᠠᠨ ᠠᠶᠢᠮᠠᠬ ᠤᠨ ᠠᠩᠬᠠᠳᠤᠭᠠᠷ ᠬᠤᠭᠤᠴᠠᠭᠠᠨ ᠤ ︽ᠡᠬᠦᠯᠡᠨ ᠴᠡᠩᠭᠡᠷ ᠬᠠᠩᠭᠠᠢ︾ ᠬᠤᠨᠳᠠᠭᠠᠳᠤ ᠮᠠᠯᠴᠢᠨ ᠲᠠᠷᠢᠶᠠᠴᠢᠨ ᠤ ᠢᠷᠠᠭᠤ ᠨᠠᠶᠢᠷᠠᠬ ᠤᠨ ᠨᠠᠭᠠᠳᠤᠮ ᠨᠢ 2 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 30 ᠤ ᠡᠳᠦᠷ ᠪᠤᠯᠳᠠᠯ᠎ᠠ ᠶᠠᠪᠤᠭᠳᠠᠵᠤ᠂ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠢᠷᠠᠭᠤ ᠨᠠᠶᠢᠷᠠᠬᠴᠢ ᠪᠤᠶᠤ ᠬᠢᠩᠭᠠᠨ ᠨᠤᠳᠤᠬᠳᠠᠢ ᠭᠠᠳᠠᠷ ᠭᠠᠵᠠᠷ ᠤᠷᠤᠨ ᠳᠤ ᠠᠵᠢᠯᠯᠠᠵᠤ ᠠᠮᠢᠳᠤᠷᠠᠵᠤ ᠪᠠᠶᠢᠬᠤ ᠮᠠᠯᠴᠢᠨ ᠲᠠᠷᠢᠶᠠᠴᠢᠨ ᠢᠷᠠᠭᠤ ᠨᠠᠶᠢᠷᠠᠬᠴᠢᠳ ᠤᠨ 30 ᠭᠠᠷᠤᠢ ᠢᠷᠠᠭᠤ ᠨᠠᠶᠢᠷᠠᠬ ᠤᠨ ᠪᠦᠳᠦᠭᠡᠯ ᠢ ᠬᠤᠷᠢᠶᠠᠨ ᠤᠯᠪᠠ᠃ ᠤᠷᠤᠨ ᠪᠠ ᠠᠶᠢᠮᠠᠬ ᠤᠨ ᠤᠷᠠᠨ ᠵᠤᠬᠢᠶᠠᠯᠴᠢᠳ᠂ ᠤᠷᠠᠨ ᠵᠤᠬᠢᠶᠠᠯ ᠤᠨ ᠨᠠᠶᠢᠷᠠᠭᠤᠯᠤᠬᠴᠢ᠂ ᠤᠷᠠᠨ ᠵᠤᠬᠢᠶᠠᠯ ᠤᠨ ᠰᠢᠬᠦᠮᠵᠢᠯᠡᠭᠴᠢ ᠪᠠᠷ ᠪᠦᠷᠢᠯᠳᠦᠭᠰᠡᠨ ᠬᠢᠨᠠᠨ ᠰᠢᠯᠭᠠᠷᠠᠭᠤᠯᠬᠤ ᠺᠤᠮᠢᠰ ᠤᠨ ᠲᠦᠪ ᠴᠢᠩᠭ᠎ᠠ᠂ ᠢᠯᠡ ᠲᠤᠳᠤ᠂ ᠡᠷᠭᠡ ᠲᠡᠭᠰᠢ ᠬᠢᠨᠠᠨ ᠰᠢᠯᠭᠠᠷᠠᠭᠤᠯᠤᠯᠳᠠ ᠪᠠᠷ ᠲᠠᠮᠵᠢᠨ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ ᠤᠯᠠᠭᠠᠨᠮᠤᠳᠤ ᠰᠤᠮᠤ ᠶᠢᠨ ᠮᠠᠯᠴᠢᠨ ᠢᠷᠠᠭᠤ ᠨᠠᠶᠢᠷᠠᠬᠴᠢ ᠰ᠊ · ᠭᠠᠯᠰᠠᠩ ᠤᠨ ︽ᠦᠨᠢ ᠮᠦᠩᠭᠡ ᠶᠢᠨ ᠨᠤᠳᠤᠬ ᠲᠠᠭᠠᠨ︾ ᠭᠡᠬᠦ ᠪᠦᠳᠦᠭᠡᠯ ᠲᠡᠷᠢᠬᠦᠨ ᠪᠠᠶᠢᠷᠢᠨ ᠳᠤ ᠲᠤᠳᠤᠷᠠᠵᠤ᠂ ᠪᠤᠷᠵᠢᠬᠢᠨ ᠪᠦᠷᠢᠨᠪᠠᠶᠠᠷ ᠤᠨ ᠪᠦᠳᠦᠭᠡᠯ ︽ᠬᠠᠶᠢᠷ᠎ᠠ ᠢᠪᠢᠯᠦᠭᠰᠡᠨ ᠬᠠᠩᠭᠠᠢ︾ ᠂ ᠪᠤᠷᠵᠢᠬᠢᠨ ᠪᠠᠶᠠᠨᠳᠦ᠋ᠬᠦᠷᠡᠩ ᠤᠨ ᠪᠦᠳᠦᠭᠡᠯ ︽ᠵᠢᠷᠦᠭᠡᠨ ᠤ ᠭᠡᠭᠡᠨ ᠠᠶᠠᠯᠭᠤ︾ ᠲᠤᠰ ᠲᠤᠰ ᠬᠤᠶᠠᠳᠤᠭᠠᠷ ᠪᠠᠶᠢᠷᠢ ᠶᠢᠨ ᠱᠠᠩᠨᠠᠯ ᠬᠦᠷᠳᠡᠵᠤ᠂ ᠭᠤᠷᠪᠠᠳᠤᠭᠠᠷ ᠲᠡᠰ ᠤᠨ ᠱᠠᠩᠨᠠᠯ ᠢ ᠮ᠊ · ᠪᠦᠷᠢᠨ ᠤ ᠪᠦᠳᠦᠭᠡᠯ ︽ᠠᠳᠤᠭᠤᠨ ᠰᠠᠯᠬᠢ︾᠂ ᠮᠠᠨᠳᠤᠭᠤᠯᠤᠬᠴᠢ ᠶᠢᠨ ᠪᠦᠳᠦᠭᠡᠯ ︽ᠡᠬᠦᠯᠡᠨ ᠴᠡᠩᠭᠡᠷ ᠬᠠᠩᠭᠠᠢ︾᠂ ᠲᠦᠪᠰᠢᠨᠵᠢᠷᠭᠠᠯ ᠤᠨ ᠪᠦᠳᠦᠭᠡᠯ ︽ᠢᠪᠡᠭᠡᠵᠤ ᠬᠠᠶᠢᠷᠯᠠᠬᠰᠠᠨ ᠡᠭᠡ ᠤᠷᠤᠨ︾ ᠳᠤ ᠭᠠᠷᠳᠠᠭᠤᠯᠤᠨ᠂ ᠰᠢᠯᠢᠳᠡᠭ ᠲᠡᠰ ᠲᠤ ᠪᠦᠷᠢᠨᠵᠢᠷᠭᠠᠯ᠂ ᠢ᠊ · ᠨᠤᠮᠢᠨᠭᠤᠪᠢ ᠵᠡᠷᠭᠡ 10 ᠨᠡᠷᠡᠰ ᠢᠷᠠᠭᠤ ᠨᠠᠶᠢᠷᠠᠬᠴᠢᠳ ᠤᠨ ᠪᠦᠳᠦᠭᠡᠯ ᠲᠤᠳᠤᠷᠠᠬᠰᠠᠨ ᠪᠠᠶᠢᠨ᠎ᠠ᠃ ᠬᠢᠩᠭᠠᠨ ᠠᠶᠢᠮᠠᠬ ᠤᠨ ᠠᠩᠬᠠᠳᠤᠭᠠᠷ ᠬᠤᠭᠤᠴᠠᠭᠠᠨ ᠤ ︽ᠡᠬᠦᠯᠡᠨ ᠴᠡᠩᠭᠡᠷ ᠬᠠᠩᠭᠠᠢ︾ ᠬᠤᠨᠳᠠᠭᠠᠳᠤ ᠮᠠᠯᠴᠢᠨ ᠲᠠᠷᠢᠶᠠᠴᠢᠨ ᠤ ᠢᠷᠠᠭᠤ ᠨᠠᠶᠢᠷᠠᠬ ᠤᠨ ᠨᠠᠭᠠᠳᠤᠮ ᠳᠤ ᠤᠷᠤᠯᠴᠠᠬᠰᠠᠨ ᠢᠷᠠᠭᠤ ᠨᠠᠶᠢᠷᠠᠬ ᠤᠨ ᠪᠦᠳᠦᠭᠡᠯ ᠤᠳ ᠨᠢ ᠬᠢᠩᠭᠠᠨ ᠠᠶᠢᠮᠠᠬ ᠤᠨ ᠡᠯ᠎ᠡ ᠦᠨᠳᠦᠰᠦᠳᠡᠨ ᠤ ᠠᠷᠠᠳ ᠲᠦᠮᠡᠨ ᠤ ᠵᠤᠯ ᠵᠢᠷᠭᠠᠯᠳᠤ᠂ ᠪᠠᠶᠠᠨ ᠲᠠᠩᠰᠤᠬ ᠠᠮᠢᠳᠤᠷᠠᠯ ᠢ ᠮᠠᠬᠳᠠᠨ ᠵᠢᠷᠤᠬᠯᠠᠬᠰᠠᠨ᠂ ᠬᠢᠩᠭᠠᠨ ᠲᠠᠪᠠᠭᠠᠨ ᠳᠠᠬᠢ ᠬᠢᠩᠭᠠᠨ ᠠᠶᠢᠮᠠᠬ ᠤᠨ ᠡᠯᠳᠡᠩ ᠴᠡᠯᠡᠭᠡᠷ ᠪᠠᠶᠢᠭᠠᠯᠢ ᠶᠢᠨ ᠬᠦᠭᠡᠮᠳᠦᠭ ᠨᠤᠭᠤᠭᠠᠨ ᠠᠭᠤᠯᠠ ᠤᠰᠤ᠂ ᠡᠳᠡᠭᠡᠳ ᠭᠠᠶᠢᠬᠠᠮᠰᠢᠬ ᠦᠩᠭᠡ ᠦᠵᠡᠮᠵᠢ ᠶᠢ ᠲᠦᠷᠰᠦᠯᠡᠨ ᠤᠶᠠᠩᠭᠠᠯᠠᠬᠰᠠᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠭᠴᠠᠯᠠᠵᠤ ᠪᠠᠶᠢᠭ᠎ᠠ ᠪᠦᠬᠦ ᠠᠶᠢᠮᠠᠬ ᠤᠨ ᠡᠯ᠎ᠡ ᠦᠨᠳᠦᠰᠦᠳᠡᠨ ᠤ ᠠᠷᠠᠳ ᠲᠦᠮᠡᠨ ᠤ ᠡᠭᠡ ᠤᠷᠤᠨᠴᠢ ᠦᠵᠡᠯ ᠰᠠᠨᠠᠭ᠎ᠠ᠂ ᠠᠯᠳᠠᠨ ᠬᠢᠩᠭᠠᠨ ᠨᠤᠳᠤᠬ ᠤᠨ ᠢᠶᠠᠨ ᠲᠡᠤᠭᠡ ᠰᠤᠶᠤᠯ ᠤᠳᠬ᠎ᠠ ᠤᠷᠠᠯᠢᠬ ᠤᠨ ᠬᠦᠭᠵᠢᠯᠳᠡ᠂ ᠠᠵᠤ ᠠᠬᠤᠢ ᠨᠡᠶᠢᠭᠡᠮ ᠤᠨ ᠬᠦᠭᠵᠢᠯᠳᠡ ᠵᠢᠴᠢ ᠬᠦᠮᠦᠨ ᠵᠤᠨ ᠤ ᠰᠤᠶᠤᠯ ᠢᠷᠭᠡᠨᠰᠢᠯ ᠢ ᠬᠦᠦᠷᠨᠢᠨ ᠡᠭᠡᠰᠢᠭᠯᠡᠭᠰᠡᠨ ᠢᠷᠠᠭᠤ ᠨᠠᠶᠢᠷᠠᠬ ᠤᠨ ᠪᠦᠳᠦᠭᠡᠯ ᠪᠤᠯᠤᠬᠰᠠᠨ ᠪᠠᠶᠢᠨ᠎ᠠ᠃      ᠬᠢᠩᠭᠠᠨ ᠠᠶᠢᠮᠠᠬ ᠤᠨ ᠠᠩᠬᠠᠳᠤᠭᠠᠷ ᠬᠤᠭᠤᠴᠠᠭᠠᠨ ᠤ ︽ᠡᠬᠦᠯᠡᠨ ᠴᠡᠩᠭᠡᠷ ᠬᠠᠩᠭᠠᠢ︾ ᠬᠤᠨᠳᠠᠭᠠᠳᠤ ᠮᠠᠯᠴᠢᠨ ᠲᠠᠷᠢᠶᠠᠴᠢᠨ ᠤ ᠢᠷᠠᠭᠤ ᠨᠠᠶᠢᠷᠠᠬ ᠤᠨ ᠨᠠᠭᠠᠳᠤᠮ ᠤᠨ ᠰᠢᠯᠢᠳᠡᠭ ᠱᠠᠩᠨᠠᠯ ᠠᠴᠠ ᠲᠡᠭᠡᠭᠰᠢᠬᠢ ᠢᠷᠠᠭᠤ ᠨᠠᠶᠢᠷᠠᠬ ᠤᠨ ᠪᠦᠳᠦᠭᠡᠯ ᠢ ᠬᠢᠨᠭ᠍ᠭᠠᠨ ᠠᠶᠢᠮᠠᠬ ᠤᠨ ᠤᠳᠬ᠎ᠠ ᠤᠷᠠᠯᠢᠬ ᠤᠨ ᠬᠢᠨ ᠤ ᠬᠤᠯᠪᠤᠭ᠎ᠠ ᠶᠢᠨ ︽ᠬᠢᠩᠭᠠᠨ ᠤ ᠤᠳᠬ᠎ᠠ ᠤᠷᠠᠯᠢᠬ︾ ᠸᠢᠴᠠᠲ ᠲᠠᠪᠴᠠᠩ ᠪᠠ ᠬᠢᠩᠭᠠᠨ ᠤ ᠡᠳᠦᠷ ᠤᠨ ᠰᠤᠨᠢᠨ ᠤ ︽ᠲᠤᠭᠤᠷ ᠤᠨ ᠭᠤᠤᠯ︾ ᠤᠷᠠᠨ ᠵᠤᠬᠢᠶᠠᠯ ᠤᠨ ᠨᠢᠭᠤᠷ ᠲᠤ ᠨᠡᠶᠢᠳᠡᠯᠡᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号