ᠣᠮᠠᠷᠡᠳᠣ ᠬᠢᠯᠢ ᠶᠢᠨ ᠰᠣᠶᠣᠯ —— ᠪᠦᠬᠦ ᠠᠶᠢᠮᠠᠭ ᠪᠤᠳᠠᠰ ᠤᠨ ᠪᠤᠰᠥ ᠰᠤᠶᠤᠯ ᠤᠨ ᠦᠪ ᠢ ᠰᠤᠳᠤᠯᠥᠨ ᠰᠤᠷᠤᠯᠴᠠᠬᠤ ᠠᠵᠢᠯᠯᠠᠭ᠎ᠠ ᠣᠯᠠᠭᠠᠠᠬᠤᠳᠡ ᠳᠤ ᠶᠠᠪᠣᠬᠳᠡᠪᠡ
ᠨᠡᠶᠢᠲᠡᠯᠡᠭᠰᠡᠨ ᠴᠠᠭ᠄
2025/6/30
      ᠥᠢᠷ᠎ᠠ ᠳᠤ᠂ ᠬᠢᠨᠭ᠍ᠭᠠᠨ ᠠᠵᠢᠯ ᠮᠡᠷᠭᠡᠵᠢᠯ ᠤᠨ ᠳᠡᠭᠡᠳᠥ ᠰᠤᠷᠭᠠᠭᠤᠯᠢ᠂ ᠬᠤᠷᠴᠢᠨ ᠰᠤᠶᠤᠯ ᠰᠤᠳᠤᠯᠭᠠᠨ ᠤ ᠭᠠᠵᠠᠷ ᠠᠴᠠ ᠭᠤᠤᠯᠯᠠᠨ ᠡᠷᠬᠢᠯᠡᠵᠤ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠪᠤᠳᠠᠰ ᠤᠨ ᠪᠤᠰᠥ ᠰᠤᠶᠤᠯ ᠤᠨ ᠦᠪ ᠢ ᠬᠠᠮᠠᠭᠠᠯᠠᠬᠤ ᠲᠦᠪ ᠠᠴᠠ ᠳᠠᠭᠠᠭᠠᠴᠢᠯᠠᠨ ᠡᠷᠬᠢᠯᠡᠭᠰᠡᠨ ︽ᠤᠮᠠᠷᠠᠳᠥ ᠬᠢᠯᠢ ᠶᠢᠨ ᠰᠤᠶᠤᠯ ᠢ ᠲᠡᠯᠭᠡᠷᠡᠬᠦᠯᠦᠨ᠂ ᠳᠤᠮᠳᠠᠳᠥ ᠶᠢᠨ ᠰᠤᠶᠤᠯ ᠢ ᠬᠦᠭᠵᠢᠬᠦᠯᠥᠶ᠎ᠡ︾ ᠭᠡᠬᠦ ᠭᠤᠤᠯ ᠰᠡᠳᠥᠪᠳᠥ ᠪᠤᠳᠠᠰ ᠤᠨ ᠪᠤᠰᠥ ᠰᠤᠶᠤᠯ ᠤᠨ ᠦᠪ ᠤᠨ ᠲᠤᠬᠠᠢ ᠰᠤᠳᠤᠯᠥᠨ ᠰᠤᠷᠤᠯᠴᠠᠬᠤ ᠠᠵᠢᠯᠯᠠᠭ᠎ᠠ ᠤᠯᠠᠭᠠᠨᠬᠤᠳᠠ ᠳᠤ ᠨᠢᠵᠢᠬᠢᠷ ᠰᠠᠶᠢᠬᠠᠨ ᠶᠠᠪᠤᠭᠳᠠᠪᠠ᠃      ᠲᠦᠡᠭᠯᠢᠶᠥᠥ ᠬᠤᠳᠠ᠂ ᠤᠯᠠᠭᠠᠨᠬᠠᠳᠠ ᠬᠤᠳᠠ᠂ ᠬᠢᠷᠢᠨ ᠮᠤᠵᠢ ᠶᠢᠨ ᠰᠦᠡᠭ ᠶᠤᠸᠠᠨ ᠬᠤᠳᠠ ᠵᠢᠴᠢ ᠬᠢᠨᠭ᠍ᠭᠠᠨ ᠠᠶᠢᠮᠠᠭ ᠤᠨ ᠬᠤᠰᠢᠭᠤ ᠰᠢᠶᠠᠨ ᠬᠤᠳᠠ ᠠᠴᠠ ᠬᠦᠷᠥᠯᠴᠡᠨ ᠢᠷᠡᠭᠰᠡᠨ 300 ᠭᠠᠷᠤᠢ ᠬᠦᠮᠥᠨ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠵᠤ᠂ ᠦᠪᠠᠷ ᠦᠪᠠᠷ ᠤᠨ ᠪᠦᠳᠥᠭᠡᠯ ᠢᠶᠠᠷ ᠢᠶᠠᠨ ᠦᠵᠡᠭᠴᠢ ᠤᠯᠠᠨ ᠤ ᠪᠠᠨ ᠬᠠᠷᠠᠭ᠎ᠠ ᠰᠤᠨᠤᠷ ᠢ ᠪᠠᠶᠠᠰᠬᠠᠭᠰᠠᠨ ᠪᠠᠶᠢᠨ᠎ᠠ᠃      ᠳᠤᠮᠳᠠᠳᠥ ᠬᠤᠰᠢᠭᠤᠨ ᠤ ᠲᠦᠰᠢᠶᠡᠳᠥ ᠸᠠᠩ ᠤᠨ ᠤᠷᠳᠥᠨ ᠤ ᠳᠠᠭᠤᠤ ᠬᠦᠭᠵᠢᠮ ᠤᠨ ᠨᠡᠶᠢᠭᠡᠮᠯᠢᠭ ᠤᠨ ︽ᠨᠠᠶᠢᠷ ᠤᠨ ᠳᠠᠭᠤᠤ︾᠂ ᠡᠮᠥᠨᠡᠳᠥ ᠬᠤᠰᠢᠭᠤᠨ ᠤ ᠪᠤᠳᠠᠰ ᠤᠨ ᠪᠤᠰᠥ ᠰᠤᠶᠤᠯ ᠤᠨ ᠦᠪ ᠢ ᠬᠠᠮᠠᠭᠠᠯᠠᠬᠤ ᠲᠦᠪ ᠤᠨ ᠵᠠᠰᠠᠭᠳᠥ ᠤᠯᠠᠮᠵᠢᠯᠠᠯᠳᠥ ᠬᠤᠪᠴᠠᠰᠥ ᠵᠠᠰᠠᠯ ᠤᠨ ᠦᠵᠡᠬᠦᠯᠭᠡ᠂ ᠲᠦᠡᠭᠯᠢᠶᠥᠥ ᠬᠤᠳᠠ ᠶᠢᠨ ᠨᠠᠰᠥᠳᠠᠶᠢᠴᠤᠳ ᠤᠨ ᠤᠷᠠᠯᠢᠭ ᠤᠨ ᠪᠦᠯᠬᠦᠮ ᠤᠨ ︽ᠸᠠᠨ ᠯᠢ︾ ᠵᠡᠷᠭᠡ 20 ᠭᠠᠷᠤᠢ ᠲᠤᠭᠯᠠᠯᠳᠠ ᠨᠢ ᠤᠮᠠᠷᠠᠳᠥ ᠬᠢᠯᠢ ᠶᠢᠨ ᠰᠤᠶᠤᠯ᠂ ᠦᠨᠳᠥᠰᠥᠳᠡᠨ ᠤ ᠪᠦᠯᠬᠦᠮᠳᠡᠯ ᠳᠠᠪᠰᠢᠯᠳᠠ᠂ ᠪᠤᠳᠠᠰ ᠤᠨ ᠪᠤᠰᠥ ᠰᠤᠶᠤᠯ ᠤᠨ ᠦᠪ ᠵᠡᠷᠭᠡ ᠶᠢ ᠠᠭᠤᠰᠬᠠᠨ ᠤᠷᠤᠭᠤᠯᠵᠤ᠂ ᠲᠦᠡᠭᠯᠢᠶᠥᠥ ᠬᠤᠳᠠ᠂ ᠤᠯᠠᠭᠠᠨᠬᠠᠳᠠ ᠬᠤᠳᠠ᠂ ᠬᠢᠷᠢᠨ ᠮᠤᠵᠢ ᠶᠢᠨ ᠰᠦᠡᠭ ᠶᠤᠸᠠᠨ ᠬᠤᠳᠠ ᠵᠢᠴᠢ ᠬᠢᠨᠭ᠍ᠭᠠᠨ ᠠᠶᠢᠮᠠᠭ ᠤᠨ ᠬᠤᠭᠤᠷᠥᠨᠳᠥ ᠪᠠᠨ ᠰᠢᠯᠢᠳᠡᠭ ᠰᠤᠶᠤᠯ ᠢᠶᠠᠨ ᠬᠠᠮᠳᠥ ᠪᠠᠷ ᠰᠤᠯᠢᠯᠴᠠᠭ᠎ᠠ ᠬᠢᠬᠦ ᠳᠤ ᠳᠠᠪᠴᠠᠩ ᠬᠠᠩᠭᠠᠵᠥ ᠦᠭᠴᠡᠢ᠃      ᠲᠤᠰ ᠤᠳᠠᠭᠠᠨ ᠤ ᠠᠵᠢᠯᠯᠠᠭ᠎ᠠ ᠳᠤ ᠪᠠᠰᠠ ᠡᠮᠥᠨᠡᠳᠥ ᠬᠤᠰᠢᠭᠤᠨ ᠤ ᠵᠠᠰᠠᠭᠳᠥ ᠬᠤᠪᠴᠠᠰᠤ ᠵᠠᠰᠠᠯ᠂ ᠤᠯᠠᠮᠵᠢᠯᠠᠯᠳᠥ ᠴᠠᠭᠠᠨ ᠢᠳᠡᠭᠡᠨ᠂ ᠡᠪᠡᠰᠥᠨ ᠬᠦᠷᠥᠮᠡᠯ ᠵᠡᠷᠭᠡ ᠮᠡᠷᠭᠡᠵᠢᠯ ᠤᠨ ᠪᠤᠳᠠᠰ ᠤᠨ ᠪᠤᠰᠥ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠨᠠᠷ ᠠᠴᠠ ᠬᠦᠷᠥᠯᠴᠡᠨ ᠢᠷᠡᠭᠰᠡᠨ ᠵᠤᠴᠢᠳ ᠲᠤ ᠪᠠᠨ ᠬᠢᠨᠭ᠍ᠭᠠᠨ ᠠᠶᠢᠮᠠᠭ ᠤᠨ ᠪᠤᠳᠠᠰ ᠤᠨ ᠪᠤᠰᠥ ᠰᠤᠶᠤᠯ ᠤᠨ ᠦᠪ ᠤᠨ ᠰᠢᠯᠢᠳᠡᠭ ᠪᠦᠳᠥᠭᠡᠯ ᠤᠳ ᠢᠶᠠᠨ ᠲᠠᠨᠢᠯᠴᠠᠭᠤᠯᠥᠨ ᠦᠭᠬᠦᠭᠰᠡᠨ ᠪᠠᠶᠢᠨ᠎ᠠ᠃ ᠤᠷᠠᠨᠳᠤᠳᠢ ᠮᠡᠳᠡᠭᠡᠯᠡᠪᠠ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号