ᠢᠷᠪᠢᠰ ᠵᠡᠭᠡᠯᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/5
    24 ᠳ᠋ᠦ᠋ᠭᠡᠷ ᠪᠥᠬᠦ ᠤᠯᠤᠰ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ ᠢᠷᠪᠢᠰ ᠵᠡᠭᠡᠯᠢ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠠᠨ ᠰᠢᠤ ᠬᠤᠩ ᠡᠷᠭᠢᠯᠡᠵᠦ ᠂ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠭᠤᠷᠪᠠᠨ ᠠᠯᠪᠠᠨ ᠬᠡᠷ ᠨᠢᠭᠡ ᠲᠥᠪ ᠤᠨ ᠬᠠᠷᠢᠭᠤᠴᠠᠯᠭᠠᠲᠠᠨ ᠵᠢᠴᠢ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠵᠠᠶ᠃    ᠬᠤᠷᠠᠯ ᠠᠴᠠ᠂ ᠨᠢᠭᠡ ᠳᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ  —— ᠳᠡᠷᠭᠡᠳᠡᠬᠢ ᠠᠮᠤᠷ ᠲᠦᠪᠰᠢᠨ ᠤ ᠬᠡᠮ ᠰᠣᠭᠤᠭ ᠢ ᠡᠷᠢᠬᠦ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠬᠦ ᠬᠡᠷᠡᠭᠲᠡᠶ᠃ ᠬᠠᠷᠢᠶ᠎ᠠ ᠣᠷᠣᠨ ᠤ ᠠᠵᠤ ᠠᠬᠤᠶᠢᠯᠠᠯ᠂ ᠴᠢᠯᠣᠭᠡᠳᠣ ᠳᠡᠯᠭᠡᠭᠦᠷ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠵᠡᠷᠭᠡ ᠬᠥᠮᠦᠨ ᠬᠤᠷᠡᠨ ᠴᠣᠬᠯᠠᠷᠡᠬᠰᠠᠨ᠂ ᠲᠦᠭᠰᠢᠭᠦᠷᠢ ᠶᠡᠬᠡᠲᠡᠶ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨᠲᠠᠷᠠᠭᠠᠬᠤ ᠲᠦᠬᠦᠭᠡᠷᠣᠮᠵᠢ ᠶᠢᠨ ᠪᠦᠷᠢᠨ ᠲᠡᠭᠦᠯᠳᠡᠷ ᠪᠠᠶᠢᠳᠠᠯ᠂ ᠴᠠᠬᠢᠯᠭᠠᠨ ᠭᠡᠢ ᠶᠢᠨ  ᠬᠤᠭᠤᠯᠠᠢ ᠭᠤᠣᠷᠰᠣ ᠶᠢᠨ ᠠᠮᠤᠷ ᠲᠦᠪᠰᠢᠨ ᠤ ᠪᠠᠶᠢᠳᠠᠯ᠂ ᠰᠢᠲᠠᠮᠠᠬᠠᠶ ᠬᠡᠶ ᠶᠢᠨ ᠭᠡᠷᠡᠭᠯᠡᠯᠳᠡ ᠶᠢᠨ ᠵᠢᠷᠤᠮᠵᠢᠯ ᠤᠨ ᠬᠡᠮᠵᠢᠶ᠎ᠡ ᠵᠡᠷᠭᠡ ᠳᠤ ᠨᠠᠷᠢᠯᠢᠭ ᠪᠠᠶᠢᠴᠠᠭᠠᠯᠲᠠ  ᠬᠢᠵᠤ᠂ ᠳᠠᠯᠳᠠ ᠬᠡᠮ ᠤᠨ ᠡᠬᠡ ᠲᠠᠩᠰᠠ ᠪᠠᠶᠢᠭᠤᠯᠬᠤ ᠶᠢᠨ ᠬᠠᠮᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠭᠡᠷᠡᠭᠳᠡᠢ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢ ︽ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠮᠢ ᠵᠢᠭᠤᠲᠠᠬᠤ ᠰᠣᠷᠢᠯᠲᠠ ᠶᠢ ᠵᠣᠬᠢᠶᠠᠨ ᠪᠠᠶᠢᠭᠤᠯᠬᠤ᠂ ᠠᠮᠤᠷ ᠲᠦᠪᠰᠢᠨ ᠤ ᠭᠠᠷ ᠳᠡᠪᠲᠡᠷ ᠲᠠᠷᠬᠠᠭᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ ᠵᠡᠷᠭᠡ ᠤᠯᠠᠨ ᠡᠰᠢᠲᠦ ᠬᠡᠯᠪᠡᠷᠢ ᠪᠠᠷ ᠠᠮᠤᠷ ᠲᠦᠪᠰᠢᠨ ᠤ ᠮᠡᠳᠡᠯᠭᠡ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠪᠦᠬᠦ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠪᠦᠬᠦ ᠠᠷᠠᠳ ᠢᠶᠠᠷ ᠢᠶᠠᠨ ᠣᠷᠣᠯᠴᠠᠵᠤ᠂ ᠠᠮᠤᠷ ᠲᠦᠪᠰᠢᠨ ᠢ ᠬᠠᠮᠲᠤᠪᠠᠷ ᠪᠠᠶᠢᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠣ ᠴᠢᠬᠤᠯᠠᠴᠢᠯᠡᠵᠡᠢ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号