ᠲᠢᠶᠠᠨ ᡂᠢ ᠪᠠᠯᠭᠠᠰᠤᠨ ᠤ ᠷᠠᠰᠢᠶᠠᠨ ᠲᠣᠰᠬᠤᠨ ᠠᠷᠡᠳ  ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠠᠢ
ᠨᠡᠶᠢᠲᠡᠯᠡᠭᠰᠡᠨ ᠴᠠᠭ᠄
2025/6/5
    ᠬᠠᠷᠢᠶ᠎ᠠ ᠣᠷᠣᠨ ᠤ ᠰᠠᠭᠤᠭᠠᠯᠢ ᠠᠷᠡᠳ ᠲᠤ ᠦᠢᠯᠡᠴᠢᠯᠡᠬᠦ ᠦᠷ᠎ᠡ ᠠᠰᠢᠭ ᠪᠣᠯᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠨᠠᠭᠠᠳᠣ ᠵᠠᠬ᠎ᠠ ᠶᠢᠨ ᠠᠮᠢᠳᠣᠷᠡᠯ ᠤᠨ ᠪᠠᠳᠣᠯᠠᠭ᠎ᠠ ᠶᠢᠨ ᠬᠠᠮᠢᠶᠠᠷᠬᠤ ᠠᠵᠢᠯ ᠤᠨ ᠣᠨᠣᠪᠴᠢᠲᠤ ᠴᠢᠨᠠᠷ ᠬᠢᠭᠡᠳ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠡ ᠳᠤ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢᠶᠠᠨ ᠪᠦᠬᠦ ᠲᠠᠯ᠎ᠠ ᠪᠠᠷ ᠳᠡᠰ ᠳᠡᠪᠰᠢᠭᠦᠯᠵᠤ ᠂ ᠭᠡᠷᠡᠴᠢᠯᠡᠬᠦ ᠠᠵᠢᠯ ᠳᠤ ᠡᠳᠦᠶ ᠲᠡᠳᠦᠶ ᠲᠣᠬᠢᠷᠠᠭᠤᠯᠤᠯᠲᠠ ᠬᠢᠵᠡᠢ᠃ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤᠨ ᠤ ᠷᠠᠰᠢᠶᠠᠨ ᠲᠣᠰᠬᠤᠨ ᠲᠡᠭᠡᠳᠣ ᠱᠠᠳᠣᠨ ᠤ ᠵᠢᠯᠣᠭᠤᠳᠣᠯᠭ᠎ᠠ ᠶᠢ ᠴᠣᠣᠷᠢᠶᠠᠳᠣᠵᠣ᠂ ᠲᠣᠰᠬᠤᠨ ᠤ ᠨᠠᠭᠠᠳᠤ ᠵᠠᠬ᠎ᠠ ᠶᠢᠨ ᠠᠮᠢᠳᠣᠷᠡᠯ ᠤᠨ ᠪᠠᠲᠤᠯᠠᠭᠠᠳᠣ ᠬᠦᠮᠣᠰ ᠤᠨ ᠡᠷᠬᠡ ᠠᠰᠢᠭ ᠢ ᠨᠥᠯᠥᠭᠡᠯᠡᠬᠦ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠣᠰᠬᠤᠨ ᠤ ᠠᠵᠢᠯᠳᠡᠳ ᠢ ᠵᠣᠬᠢᠶᠠᠨ ᠪᠠᠶᠢᠭᠤᠯᠤᠨ ᠲᠣᠰ ᠲᠣᠰᠬᠤᠨ ᠤ ᠨᠠᠭᠠᠳᠤ ᠵᠠᠬ᠎ᠠ ᠶᠢᠨ ᠠᠮᠢᠳᠣᠷᠡᠯ ᠤᠨ ᠪᠠᠲᠤᠯᠠᠭ᠎ᠠ ᠶᠢᠨ ᠬᠥᠮᠦᠰ ᠲᠤ ᠴᠠᠭ ᠲᠤᠬᠠᠶ ᠳᠤᠨᠢ ᠭᠡᠷᠡᠴᠢᠯᠡᠯ ᠬᠢᠵᠣ ᠦᠭᠪᠡ᠃    ᠲᠣᠰ ᠤᠳᠠᠭᠠᠨ ᠤ ᠡᠷᠦᠬᠡ ᠳᠠᠷᠠᠭᠠᠯᠠᠨ ᠭᠡᠷᠡᠴᠢᠯᠡᠬᠦ ᠠᠵᠢᠯ ᠨᠢ ᠣᠨᠴᠠᠭᠠᠶ ᠬᠥᠮᠦᠰ ᠤᠨ ᠭᠡᠷᠡᠴᠢᠯᠡᠯ ᠤᠨ ᠲᠣᠮᠳᠡ ᠲᠣᠯᠭᠠᠷᠡᠬᠰᠠᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠬᠠᠷᠠᠭᠤᠯᠵᠠᠶ᠃ ᠠᠵᠢᠯᠲᠠᠳ ᠨᠠᠭᠠᠳᠤ ᠵᠠᠬ᠎ᠠ ᠶᠢᠨ ᠠᠮᠢᠳᠣᠷᠡᠯ ᠤᠨ ᠪᠠᠲᠤᠯᠠᠭᠠᠳᠣ ᠡᠷᠦᠬᠡ ᠲᠠᠢ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ᠂ ᠲᠡᠳᠡᠨ ᠤ ᠠᠮᠢᠳᠤᠷᠠᠯ ᠤᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠨᠠᠭᠠᠳᠤ ᠵᠠᠬ᠎ᠠ ᠶᠢᠨ ᠠᠮᠢᠳᠣᠷᠡᠯ ᠤᠨ ᠪᠠᠲᠤᠯᠠᠭᠠᠳᠣ ᠡᠲᠡᠭᠡᠳ ᠤᠨ ᠭᠡᠷ ᠪᠦᠯᠢ ᠶᠢᠨ ᠪᠠᠶᠢᠳᠠᠯ ᠤᠨ ᠦᠨᠡᠨ ᠪᠣᠳᠠᠲᠤ ᠴᠢᠨᠠᠷ ᠪᠠ ᠬᠥᠳᠡᠯᠦᠩᠭᠦᠶ ᠴᠢᠨᠠᠷ ᠢ ᠦᠨᠡᠨ ᠬᠦ ᠪᠠᠲᠤᠯᠠᠵᠤ᠂ ᠨᠠᠷᠢᠯᠢᠭ ᠣᠨᠣᠴᠠᠲᠠᠶ ᠬᠠᠮᠢᠶᠠᠷᠤᠯᠲᠠ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠪᠠ᠃    ᠳᠠᠷᠠᠭᠠᠴᠢ ᠶᠢᠨ ᠠᠯᠬᠤᠮ ᠳᠤ᠂ ᠲᠢᠶᠠᠨ ᡂᠢ ᠪᠠᠯᠭᠠᠰᠤᠨ ᠤ ᠷᠠᠰᠢᠶᠠᠨ ᠲᠣᠰᠬᠤᠨ ᠦᠷᠭᠦᠯᠵᠢᠯᠡᠨ ︽ᠠᠷᠠᠳ ᠲᠦᠮᠡᠨ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠬᠦᠴᠢᠷᠳᠡᠯᠲᠡᠢ ᠤᠯᠠᠨ ᠲᠦᠮᠡᠨ ᠤ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠣᠨ᠂ ᠪᠣᠳᠠᠲᠤ ᠠᠵᠢᠯᠯᠠᠭ᠎ᠠ ᠪᠠᠷ ᠢᠶᠠᠨ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ ᠬᠦᠴᠢᠷᠳᠡᠯᠲᠡᠢ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠨ᠎ᠡ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号